| ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳ᠋ᠠᠶᠢᠲ᠋ᠠ ᠶᠢᠨ ᠬᠠᠷᠢᠭᠤ ᠲᠤᠰᠬᠠᠯ ᠢ ᠦᠨᠳᠦᠰᠦᠯᠡᠪᠡᠯ ᠂ 2024 ᠣᠨ ᠳᠤ ᠪᠥᠬᠦ ᠣᠷᠣᠨ ᠤ ᠠᠮᠤ | ᠪᠤᠳᠠᠭ᠎ᠠ ᠲᠠᠷᠢᠭᠰᠠᠨ ᠲᠠᠯᠠᠪᠠᠶ 10517.7 ᠲᠦᠮᠡᠨ ᠮᠥ ᠪᠣᠯᠵᠤ ᠂ ᠪᠥᠬᠦ ᠤᠯᠤᠰ ᠲᠤ ᠲᠠᠪᠤᠳᠤᠭᠠᠷ ᠲᠤ ᠪᠠᠶᠢᠷᠢᠯᠠᠵᠤ ᠪᠣᠢ ︔ ᠳᠡᠭᠡᠷ᠎ᠡ ᠵᠢᠯ ᠤᠨ ᠬᠢ ᠠᠴᠠ 40.6 | ᠲᠦᠮᠡᠨ ᠮᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 0.39% ᠪᠠᠷ ᠨᠡᠮᠡᠭᠳᠡᠵᠦ ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠲᠤ ᠭᠤᠷᠪᠠᠳᠤᠭᠠᠷ ᠲᠤ | ᠪᠠᠶᠢᠷᠢᠯᠠᠭᠰᠠᠨ ᠪᠠᠶᠢᠨ᠎ᠠ ᠃ ᠭᠤᠷᠪᠠᠨ ᠶᠡᠭᠡ ᠲᠦᠷᠦᠯ ᠤᠨ ᠠᠮᠤ ᠪᠤᠳᠠᠭᠠᠨ ᠤ ᠲᠠᠷᠢᠮᠠᠯ ᠳᠤ ᠂ ᠠᠮᠤ ᠪᠤᠳᠠᠭ᠎ᠠ ᠲᠠᠷᠢᠭᠰᠠᠨ ᠲᠠᠯᠠᠪᠠᠢ 8101.5 ᠲᠦᠮᠡᠨ ᠮᠤ᠋ ᠪᠠᠶᠢᠵᠤ ᠂ | 0.31% ᠪᠠᠷ ᠪᠠᠭᠤᠷᠠᠪᠠ ︔ ᠪᠤᠷᠴᠠᠭ ᠤᠨ ᠲᠦᠷᠦᠯ ᠢ ᠲᠠᠷᠢᠭᠰᠠᠨ ᠲᠠᠯᠠᠪᠠᠢ 1974.5 ᠲᠦᠮᠡᠨ ᠮᠤ᠋ ᠪᠠᠶᠢᠵᠤ ᠂ 0.23% ᠪᠠᠷ ᠪᠠᠭᠤᠷᠠᠪᠠ ︔ ᠲᠥᠮᠥᠰᠦᠨ ᠤ | ᠲᠥᠷᠥᠯ ᠢ ᠲᠠᠷᠢᠭᠰᠠᠨ ᠲᠠᠯᠠᠪᠠᠶ 441.7 ᠲᠦᠮᠡᠨ ᠮᠥ ᠪᠠᠶᠢᠵᠤ ᠂ 19.05% ᠪᠠᠷ ᠨᠡᠮᠡᠭᠳᠡᠪᠡ ᠃ 2024 ᠣᠨ ᠳᠠᠬᠢ ᠮᠠᠨ ᠤ ᠣᠷᠣᠨ ᠤ ᠠᠮᠤ ᠪᠤᠳᠠᠭᠠᠨ ᠤ | ᠲᠠᠷᠢᠮᠠᠯ ᠤᠨ ᠨᠢᠭᠡᠴᠢ ᠶᠢᠨ ᠳᠤᠮᠳᠠᠴᠢ ᠤᠨᠠᠯᠲᠠ ᠮᠦ ᠪᠦᠷᠢ ᠳᠤ ᠪᠠᠨ 390 ᠺᠢᠯᠣᠭ᠍ᠷᠠᠮ ᠳᠤ ᠬᠦᠷᠴᠦ ᠂ ᠳᠡᠭᠡᠷ᠎ᠡ ᠵᠢᠯ ᠤᠨ ᠬᠢ ᠠᠴᠠ ᠮᠦ ᠪᠦᠷᠢ ᠳᠤ ᠪᠠᠨ ᠪᠠᠷᠤᠭ 12 | ᠺᠢᠯᠣᠭ᠍ᠷᠠᠮ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ ᠂ ᠪᠥᠬᠦ ᠤᠯᠤᠰ ᠲᠤ 16 ᠳ᠋ᠤᠭᠠᠷ ᠲᠤ ᠪᠠᠶᠢᠷᠢᠯᠠᠪᠠ ᠃ ᠭᠤᠷᠪᠠᠨ ᠶᠡᠭᠡ | ᠲᠥᠷᠥᠯ ᠤᠨ ᠠᠮᠤ ᠪᠤᠳᠠᠭᠠᠨ ᠤ ᠲᠠᠷᠢᠮᠠᠯ ᠳᠤ ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ 453 ᠺᠢᠯᠣᠭ᠍ᠷᠠᠮ ᠪᠠᠶᠢᠵᠤ ᠂ ᠮᠦ ᠪᠦᠷᠢ ᠳᠤ ᠪᠠᠨ | ᠪᠠᠷᠤᠭ 14 ᠺᠢᠯᠣᠭ᠍ᠷᠠᠮ ᠨᠡᠮᠡᠭᠳᠡᠵᠦ ᠂ 3.09% ᠪᠠᠷ ᠨᠡᠮᠡᠭᠳᠡᠪᠡ ︔ ᠪᠤᠷᠴᠠᠭ ᠤᠨ ᠲᠥᠷᠥᠯ ᠤᠨ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ ᠪᠠᠨ 132 | ᠺᠢᠯᠣᠭ᠍ᠷᠠᠮ ᠪᠠᠶᠢᠵᠤ ᠂ ᠮᠦ ᠪᠦᠷᠢ ᠳᠤ ᠪᠠᠨ ᠪᠠᠷᠤᠭ 2 ᠺᠢᠯᠣᠭ᠍ᠷᠠᠮ ᠨᠡᠮᠡᠭᠳᠡᠵᠦ ᠂ 1.82% ᠢᠶᠠᠷ ᠨᠡᠮᠡᠭᠳᠡᠪᠡ ︔ ᠲᠦᠮᠥᠰᠥᠨ ᠤ ᠲᠥᠷᠥᠯ ︵ ᠠᠮᠤ ᠪᠤᠳᠠᠭ᠎ᠠ ᠪᠠᠷ | ᠨᠤᠭᠤᠯᠤᠨ ᠪᠤᠳᠤᠬᠤ ᠳᠤ ︶ ᠤᠨ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠤ ᠪᠠᠨ 384 ᠺᠢᠯᠣᠭ᠍ᠷᠠᠮ ᠪᠠᠶᠢᠵᠤ ᠂ ᠮᠦ ᠪᠦᠷᠢ ᠳᠤ ᠪᠠᠨ ᠪᠠᠷᠤᠭ 34 ᠺᠢᠯᠣᠭ᠍ᠷᠠᠮ | ᠨᠡᠮᠡᠭᠳᠡᠵᠦ ᠂ 9.6% ᠪᠠᠷ ᠨᠡᠮᠡᠭᠳᠡᠪᠡ ᠃ 2024 ᠣᠨ ᠳᠤ ᠂ ᠮᠠᠨ ᠤ ᠣᠷᠣᠨ ᠤ ᠠᠮᠤ ᠪᠤᠳᠠᠭᠠᠨ ᠤ ᠤᠨᠠᠯᠲᠠ 820.1 ᠳ᠋ᠦᠩᠰᠢᠭᠤᠷ ᠵᠢᠩ ᠳᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ ᠃ | ︵ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ︶ | |