1-11 ᠳ᠋ᠦ᠋ᠭᠡᠷ ᠰᠠᠷ᠎ᠠ ᠪᠣᠯᠲᠠᠯᠠᠬᠢ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠤᠯᠤᠰ ᠲᠠᠬᠢ ᠲᠡᠷᠢᠭᠦᠨ ᠪᠠᠶᠢᠷᠢ ᠪᠠᠨ ᠪᠠᠲᠤᠯᠠᠵᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 3000 ᠳ᠋ᠦᠩᠰᠢᠭᠤᠷ ᠺᠢᠯᠣᠸᠠᠲ ᠴᠠᠭ ᠢ ᠳᠠᠪᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2024/12/23
    1-11 ᠳ᠋ᠦ᠋ᠭᠡᠷ ᠰᠠᠷ᠎ᠠ ᠳᠤ ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 7373.9 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ ᠃ ᠲᠥᠷᠥᠯ ᠬᠡᠯᠪᠡᠷᠢ ᠪᠠᠷ ᠨᠢ ᠠᠩᠭᠢᠯᠠᠪᠠᠯ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 5607.3 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1434 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠪᠡ ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 287.4 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 42.8% ᠪᠠᠷ ᠨᠡᠮᠡᠭᠳᠡᠪᠡ ︔ ᠤᠰᠤᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 45.2 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 29.5% ᠪᠠᠷ ᠨᠡᠮᠡᠭᠳᠡᠪᠡ ᠃ 1-11 ᠳ᠋ᠦ᠋ᠭᠡᠷ ᠰᠠᠷ᠎ᠠ ᠳᠤ ᠂ ᠪᠥᠬᠦ ᠣᠷᠣᠨ ᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 3030.8 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ ᠂ ᠲᠦᠷᠦᠭᠦᠤ ᠵᠢᠯ ᠤᠨ ᠬᠢ ᠠᠴᠠ ᠤᠷᠢᠳᠴᠢᠯᠠᠨ ᠨᠢᠭᠡ ᠰᠠᠷ᠎ᠠ 3000 ᠳ᠋ᠦᠩᠰᠢᠭᠤᠷ ᠺᠢᠯᠣᠸᠠᠲ ᠴᠠᠭ ᠢ ᠳᠠᠪᠠᠵᠤ ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 44.4% ᠶᠢ ᠡᠵᠡᠯᠡᠪᠡ ᠃ ︵ ᠲᠤᠭ᠎ᠠ ᠪᠦᠷᠢᠳᠭᠡᠯ ᠤᠨ ᠲᠣᠪᠴᠢᠶ᠎ᠠ ︶   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ