| | | 2024 ᠣᠨ ᠤ 4 ᠰᠠᠷ᠎ᠠ ᠶᠢᠨ 2 ᠤᠨ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ ᠰᠦᠨ ᠰᠠᠨ | ᠭᠧᠦ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ ᠵᠠᠳᠠᠭᠠᠢ ᠪᠠᠷ ᠮᠠᠯᠲᠠᠬᠤ ᠲᠠᠪᠤᠳᠤᠭᠠᠷ ᠬᠤᠭᠤᠴᠠᠭᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠤᠬᠠᠢ ᠴᠣᠬᠤᠯᠠᠪᠤᠷᠢ ︾ ︵ ᠥᠪᠥᠷ ᠵᠠᠰᠠᠭ ᠭᠠᠵᠠᠷ ᠰᠢᠷᠣᠢ ᠲᠠᠷᠬᠠᠭᠠᠭᠰᠠᠨ ﹇ 2024 ﹈ 274 | ᠲᠣᠭᠠᠲᠤ ︶ ᠶᠢᠨ ᠪᠢᠴᠢᠭ ᠮᠠᠲ᠋ᠧᠷᠢᠶᠠᠯ ᠳᠤ ᠰᠦᠨ ᠰᠠᠨ ᠭᠧᠦ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ ᠵᠠᠳᠠᠭᠠᠢ | ᠪᠠᠷ ᠮᠠᠯᠲᠠᠬᠤ ᠲᠠᠪᠤᠳᠤᠭᠠᠷ ᠬᠤᠭᠤᠴᠠᠭᠠᠨ ᠤ ᠲᠥᠷᠥᠯ ᠵᠦᠢᠯ ᠤᠨ ᠬᠡᠷᠡᠭᠯᠡᠬᠦ ᠭᠠᠵᠠᠷ ᠢ 58.1684 ᠾᠧᠺᠲ᠋ᠠᠷ ᠵᠥᠪᠰᠢᠶᠡᠷᠡᠪᠡ ᠃ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠳᠥᠴᠢᠨ ᠵᠢᠷᠭᠤᠳᠤᠭᠠᠷ ᠵᠦᠢᠯ ᠂ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠤᠨ ᠭᠤᠴᠢᠨ ᠨᠢᠭᠡᠳᠦᠭᠡᠷ ᠵᠦᠢᠯ ᠪᠠ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ﹀ ᠶᠢ ᠬᠡᠷᠡᠭᠵᠢᠭᠦᠯᠬᠦ | ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠥᠪᠰᠢᠶᠡᠷᠡᠭᠰᠡᠨ ︽ ᠭᠠᠵᠠᠷ ᠰᠢᠷᠣᠢ ᠲᠠᠲᠠᠪᠤᠷᠢᠯᠠᠬᠤ ᠲᠥᠰᠥᠯ ︾ ᠤᠨ ᠠᠭᠤᠯᠭ᠎ᠠ ᠪᠠ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ ᠄ | ᠨᠢᠭᠡ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ᠨᠡᠷᠡᠶᠢᠳᠦᠯ | ᠰᠦᠨ ᠰᠠᠨ ᠭᠧᠦ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ ᠵᠠᠳᠠᠭᠠᠢ ᠪᠠᠷ ᠮᠠᠯᠲᠠᠬᠤ ᠲᠠᠪᠤᠳᠤᠭᠠᠷ ᠬᠤᠭᠤᠴᠠᠭᠠᠨ ᠤ | ᠲᠥᠷᠥᠯ ᠵᠦᠢᠯ ᠃ | ᠬᠤᠶᠠᠷ ᠂ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ | ᠲᠣᠰ ᠤᠳᠠᠭᠠᠨ ᠤ ᠵᠥᠪᠰᠢᠶᠡᠷᠡᠯ ᠳᠤ ᠵᠡᠭᠦᠨᠭᠠᠷ ᠵᠣᠣ ᠪᠠᠯᠭᠠᠰᠤᠨ ᠤ ᠤᠯᠠᠭᠠᠨᠬᠠᠳᠠ ᠲᠣᠰᠬᠤᠨ ︵ ᠪᠣᠳᠠᠲᠠᠢ ᠪᠠᠶᠢᠷᠢᠰᠢᠯ ᠢ ᠵᠠᠭᠠᠭ ᠬᠢᠵᠠᠭᠠᠷ ᠬᠠᠶᠢᠭᠰᠠᠨ | ᠮᠡᠳᠡᠭᠦᠯᠦᠯᠲᠡ ᠳᠤ ᠦᠵᠡ ︶ ᠤ ᠬᠠᠮᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ 57.5409 ᠾᠧᠺᠲ᠋ᠠᠷ ︵ ᠲᠠᠷᠢᠶᠠᠨ ᠭᠠᠵᠠᠷ 1.5029 ᠾᠧᠺᠲ᠋ᠠᠷ ᠂ ᠣᠶᠢᠲᠤ | ᠭᠠᠵᠠᠷ 3.3262 ᠾᠧᠺᠲ᠋ᠠᠷ ᠂ ᠡᠪᠡᠰᠦᠲᠦ ᠭᠠᠵᠠᠷ 51.1316 ᠾᠧᠺᠲ᠋ᠠᠷ ᠂ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ 1.5802 ᠾᠧᠺᠲ᠋ᠠᠷ ︶ ᠂ | ᠬᠠᠮᠲᠤ ᠶᠢᠨ ᠠᠰᠢᠭᠯᠠᠭᠠᠳᠤᠢ ᠭᠠᠵᠠᠷ 0.6275 ᠾᠧᠺᠲ᠋ᠠᠷ ᠭᠠᠵᠠᠷ ᠢ ᠤᠯᠤᠰ ᠤᠨ ᠥᠮᠴᠢᠯᠡᠯ ᠤᠨ ᠭᠠᠵᠠᠷ ᠰᠢᠷᠣᠢ ᠪᠣᠯᠭᠠᠨ ᠲᠠᠲᠠᠪᠤᠷᠢᠯᠠᠬᠤ ᠶᠢᠨ ᠬᠠᠮᠲᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠨ᠎ᠠ ᠃ | ᠭᠤᠷᠪᠠ᠂ ᠭᠠᠵᠠᠷ ᠰᠢᠷᠣᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ ᠪᠠ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ ᠵᠠᠮ ᠮᠦᠷ | ︵ᠨᠢᠭᠡ︶ ᠭᠠᠵᠠᠷ ᠰᠢᠷᠣᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ᠃ | ᠲᠣᠰ ᠤᠳᠠᠭᠠᠨ ᠤ ᠭᠠᠵᠠᠷ ᠰᠢᠷᠣᠢ ᠶᠢ ᠲᠠᠲᠠᠪᠤᠷᠢᠯᠠᠬᠤ ᠨᠢ ᠬᠥᠳᠡᠭᠡ ᠲᠣᠰᠬᠤᠨ ᠤ ᠡᠯ᠎ᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠠᠵᠠᠷ | ᠰᠢᠷᠣᠢ ᠲᠠᠲᠠᠪᠤᠷᠢᠯᠠᠬᠤ ᠲᠥᠯᠥᠪᠦᠷᠢ ᠣᠯᠭᠤᠵᠤ ᠲᠥᠪᠬᠢᠨᠡᠭᠦᠯᠬᠦ ᠲᠥᠰᠥᠯ ᠲᠠᠢ ᠬᠤᠯᠪᠤᠬᠳᠠᠵᠤ ᠂ ︽ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ | ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ | ᠲᠠᠷᠬᠠᠭᠠᠭᠰᠠᠨ ﹇ 2023 ﹈ 92 ᠲᠣᠭᠠᠲᠤ ︶ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | ︵ ᠬᠤᠶᠠᠷ ︶ ᠲᠥᠪᠬᠢᠨᠡᠭᠦᠯᠬᠦ ᠵᠠᠮ ᠮᠦᠷ ᠃ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠬᠤᠯᠪᠣᠭᠳᠠᠭᠰᠠᠨ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ ᠵᠠᠮ | ᠮᠦᠷ ᠪᠣᠯ ᠵᠣᠭᠤᠰ ᠢᠶᠠᠷ ᠲᠥᠪᠬᠢᠨᠡᠭᠦᠯᠬᠦ ᠪᠣᠯᠣᠨ᠎ᠠ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 8 ᠤ ᠡᠳᠤᠷ | |