| 2024 ᠣᠨ ᠤ 5 ᠰᠠᠷ᠎ᠠ ᠶᠢᠨ 6 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠥᠪᠥᠷ | ᠮᠣᠩᠭᠤᠯ ᠤᠨ ᠵᠡᠭᠦᠨᠭᠠᠷ ᠤᠨ ᠯᠢᠶᠠᠨ ᠬᠤᠸᠠ ᠴᠠᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠬᠦᠭᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠤᠬᠠᠢ ᠴᠣᠬᠤᠯᠠᠪᠤᠷᠢ ︾ ︵ ᠥᠪᠥᠷ ᠵᠠᠰᠠᠭ ᠭᠠᠵᠠᠷ | ᠰᠢᠷᠣᠢ ᠲᠠᠷᠬᠠᠭᠠᠭᠰᠠᠨ ﹇ 2024 ﹈ 522 ᠲᠣᠭᠠᠲᠤ ︶ ᠶᠢᠨ ᠪᠢᠴᠢᠭ ᠮᠠᠲ᠋ᠧᠷᠢᠶᠠᠯ ᠳᠤ ᠥᠪᠥᠷ ᠮᠣᠩᠭᠤᠯ ᠤᠨ ᠵᠡᠭᠦᠨᠭᠠᠷ ᠤᠨ ᠯᠢᠶᠠᠨ ᠬᠤᠸᠠ ᠴᠠᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠳᠤ | ᠬᠡᠷᠡᠭᠯᠡᠬᠦ ᠭᠠᠵᠠᠷ ᠢ 39.2319 ᠾᠧᠺᠲ᠋ᠠᠷ ᠵᠥᠪᠰᠢᠶᠡᠷᠡᠪᠡ ᠃ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ︾ ᠶᠢᠨ ᠳᠥᠴᠢᠨ ᠵᠢᠷᠭᠤᠳᠤᠭᠠᠷ ᠵᠦᠢᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠤᠨ ᠭᠤᠴᠢᠨ ᠨᠢᠭᠡᠳᠦᠭᠡᠷ ᠵᠦᠢᠯ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ ︾ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ ᠭᠠᠵᠠᠷ | ᠰᠢᠷᠣᠢ ᠲᠠᠲᠠᠪᠤᠷᠢᠯᠠᠬᠤ ᠲᠥᠰᠥᠯ ︾ ᠤᠨ ᠠᠭᠤᠯᠭ᠎ᠠ ᠪᠠ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ ᠄ | ᠨᠢᠭᠡ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ᠨᠡᠷᠡᠶᠢᠳᠦᠯ | ᠥᠪᠥᠷ ᠮᠣᠩᠭᠤᠯ ᠤᠨ ᠵᠡᠭᠦᠨᠭᠠᠷ ᠤᠨ ᠯᠢᠶᠠᠨ ᠬᠤᠸᠠ ᠴᠠᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠬᠦᠭᠡᠷᠤᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠦᠷᠤᠯ ᠵᠤᠶᠢᠯ ᠃ | ᠬᠤᠶᠠᠷ ᠂ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ | ᠲᠣᠰ ᠤᠳᠠᠭ᠎ᠠ ᠶᠢᠨ ᠵᠦᠪᠰᠢᠶᠡᠷᠡᠯ ᠳᠤ ᠯᠦᠩ ᠺᠧᠦ ᠪᠠᠯᠭᠠᠰᠤᠨ ᠤ ᠳ᠋ᠠ ᠺᠧᠦ ᠳᠤᠰᠬᠤᠨ ︵ ᠪᠣᠳᠠᠲᠠᠢ ᠪᠠᠶᠢᠷᠢᠰᠢᠯ ᠢ ᠵᠠᠭᠠᠭ ᠬᠢᠵᠠᠭᠠᠷ ᠬᠠᠶᠢᠭᠰᠠᠨ | ᠮᠡᠳᠡᠭᠦᠯᠦᠯᠲᠡ ᠳᠤ ᠦᠵᠡ ︶ ᠤ ᠬᠠᠮᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ 38.3180 ᠾᠧᠺᠲ᠋ᠠᠷ ︵ ᠲᠠᠷᠢᠶᠠᠨ ᠭᠠᠵᠠᠷ 4.4091 ᠾᠧᠺᠲ᠋ᠠᠷ ᠂ ᠣᠶᠢᠲᠤ | ᠭᠠᠵᠠᠷ 1.9925 ᠾᠧᠺᠲ᠋ᠠᠷ ᠂ ᠡᠪᠡᠰᠦᠲᠦ ᠭᠠᠵᠠᠷ 30.9718 ᠾᠧᠺᠲ᠋ᠠᠷ ᠂ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ 0.9446 ᠾᠧᠺᠲ᠋ᠠᠷ ︶ ᠂ | ᠬᠠᠮᠲᠤ ᠶᠢᠨ ᠠᠰᠢᠭᠯᠠᠭᠠᠳᠤᠢ ᠭᠠᠵᠠᠷ 0.9139 ᠾᠧᠺᠲ᠋ᠠᠷ ᠭᠠᠵᠠᠷ ᠢ ᠤᠯᠤᠰ ᠤᠨ ᠥᠮᠴᠢᠯᠡᠯ ᠤᠨ ᠭᠠᠵᠠᠷ ᠰᠢᠷᠣᠢ ᠪᠣᠯᠭᠠᠨ ᠲᠠᠲᠠᠪᠤᠷᠢᠯᠠᠬᠤ ᠶᠢᠨ ᠬᠠᠮᠲᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠨ᠎ᠠ ᠃ | ᠭᠤᠷᠪᠠ᠂ ᠭᠠᠵᠠᠷ ᠰᠢᠷᠣᠢ ᠳᠠᠳᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ ᠪᠠ ᠲᠠᠷᠢᠶᠠᠯᠠᠩ ᠤᠨ ᠬᠦᠮᠤᠨ ᠠᠮᠠ ᠶᠢ ᠲᠥᠪᠬᠢᠨᠡᠭᠦᠯᠬᠦ ᠵᠠᠮ ᠮᠦᠷ | ︵ᠨᠢᠭᠡ︶ ᠭᠠᠵᠠᠷ ᠰᠢᠷᠣᠢ ᠳᠠᠳᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ᠃ ᠲᠣᠰ ᠤᠳᠠᠭᠠᠨ ᠤ ᠭᠠᠵᠠᠷ ᠰᠢᠷᠣᠢ ᠶᠢ ᠲᠠᠲᠠᠪᠤᠷᠢᠯᠠᠬᠤ ᠨᠢ ᠬᠥᠳᠡᠭᠡ ᠲᠣᠰᠬᠤᠨ ᠤ ᠡᠯ᠎ᠡ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠠᠵᠠᠷ ᠰᠢᠷᠣᠢ ᠶᠢᠨ ᠳᠠᠳᠠᠪᠤᠷᠢᠯᠠᠬᠤ ᠲᠥᠯᠥᠪᠦᠷᠢ ᠣᠯᠭᠤᠵᠤ ᠲᠥᠪᠬᠢᠨᠡᠭᠦᠯᠬᠦ ᠲᠥᠰᠥᠯ ᠲᠠᠢ | ᠬᠤᠯᠪᠤᠬᠳᠠᠵᠤ ᠂ ︽ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ | ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 92 ᠲᠣᠭᠠᠲᠤ ︶ ᠵᠢᠴᠢ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | ︵ ᠬᠤᠶᠠᠷ ︶ ᠲᠥᠪᠬᠢᠨᠡᠭᠦᠯᠬᠦ ᠵᠠᠮ ᠮᠦᠷ ᠃ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠬᠤᠯᠪᠣᠭᠳᠠᠭᠰᠠᠨ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ ᠵᠠᠮ | ᠮᠦᠷ ᠪᠣᠯ ᠵᠣᠭᠤᠰ ᠢᠶᠠᠷ ᠲᠥᠪᠬᠢᠨᠡᠭᠦᠯᠬᠦ ᠪᠣᠯᠣᠨ᠎ᠠ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 8 ᠤ ᠡᠳᠤᠷ | |