| 2024 ᠣᠨ ᠤ 9 ᠰᠠᠷ᠎ᠠ ᠶᠢᠨ 5 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ ᠥᠪᠥᠷ | ᠮᠣᠩᠭᠤᠯ ᠤᠨ ᠵᠡᠭᠦᠨᠭᠠᠷ ᠠᠭᠤᠷᠬᠠᠢ ᠶᠢᠨ ᠣᠷᠣᠨ ᠤ ᠳ᠋ᠦᠩ ᠫᠢᠩ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠤᠬᠠᠢ ᠴᠣᠬᠤᠯᠠᠪᠤᠷᠢ ︾ ︵ ᠥᠪᠥᠷ ᠵᠠᠰᠠᠭ ᠭᠠᠵᠠᠷ ᠰᠢᠷᠣᠢ ᠲᠠᠷᠬᠠᠭᠠᠭᠰᠠᠨ ﹇ 2024 ﹈ 853 ᠲᠣᠭᠠᠲᠤ ︶ ᠶᠢᠨ ᠪᠢᠴᠢᠭ ᠮᠠᠲ᠋ᠧᠷᠢᠶᠠᠯ ᠳᠤ ᠥᠪᠥᠷ | ᠮᠣᠩᠭᠤᠯ ᠤᠨ ᠵᠡᠭᠦᠨᠭᠠᠷ ᠠᠭᠤᠷᠬᠠᠢ ᠶᠢᠨ ᠣᠷᠣᠨ ᠤ ᠳ᠋ᠦᠩ ᠫᠢᠩ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ 21.8496 ᠾᠧᠺᠲ᠋ᠠᠷ | ᠵᠥᠪᠰᠢᠶᠡᠷᠡᠪᠡ ᠃ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠳᠥᠴᠢᠨ ᠵᠢᠷᠭᠤᠳᠤᠭᠠᠷ | ᠵᠦᠢᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠤᠨ ᠭᠤᠴᠢᠨ | ᠨᠢᠭᠡᠳᠦᠭᠡᠷ ᠵᠦᠢᠯ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠡᠳᠦᠭᠡ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ ᠭᠠᠵᠠᠷ ᠰᠢᠷᠣᠢ ᠲᠠᠲᠠᠪᠤᠷᠢᠯᠠᠬᠤ ᠲᠥᠰᠥᠯ ︾ ᠤᠨ ᠠᠭᠤᠯᠭ᠎ᠠ ᠪᠠ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠶ᠎ᠠ ᠄ | ᠨᠢᠭᠡ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ᠨᠡᠷᠡᠶᠢᠳᠦᠯ | ᠥᠪᠥᠷ ᠮᠣᠩᠭᠤᠯ ᠤᠨ ᠵᠡᠭᠦᠨᠭᠠᠷ ᠠᠭᠤᠷᠬᠠᠢ ᠶᠢᠨ ᠣᠷᠣᠨ ᠤ ᠳ᠋ᠦᠩ ᠫᠢᠩ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠃ | ᠬᠤᠶᠠᠷ ᠂ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠣᠷᠣᠨ ᠪᠠᠶᠢᠷᠢ᠂ ᠭᠠᠵᠠᠷ ᠰᠢᠷᠣᠢ ᠶᠢᠨ ᠲᠦᠷᠦᠯ ᠪᠠ ᠲᠠᠯᠠᠪᠠᠢ | ᠲᠤᠰ ᠤᠳᠠᠭ᠎ᠠ ᠶᠢᠨ ᠵᠥᠪᠰᠢᠶᠡᠷᠡᠯ ᠳᠤ ᠰᠢᠤᠸᠠᠢ ᠵᠢᠶᠠ ᠸᠠᠨ ᠪᠠᠯᠭᠠᠰᠤ ︵ᠪᠣᠳᠠᠲᠠᠢ ᠣᠷᠣᠨ ᠪᠠᠶᠢᠷᠢ ᠶᠢ ᠵᠠᠭᠠᠭ ᠬᠢᠵᠠᠭᠠᠷ ᠬᠠᠶᠢᠭᠰᠠᠨ ᠮᠡᠳᠡᠭᠦᠯᠦᠯᠲᠡ ᠳᠤ ᠦᠵᠡ︶ | ᠶᠢᠨ ᠰᠠᠨ ᠪᠦᠦ ᠶᠣᠣ ᠽᠢ ᠲᠣᠰᠬᠤᠨ ᠤ ᠬᠠᠮᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ 21.8165 ᠾᠧᠺᠲ᠋ᠠᠷ ︵ᠲᠠᠷᠢᠶᠠᠨ ᠭᠠᠵᠠᠷ 0.4573 ᠾᠧᠺᠲ᠋ᠠᠷ᠂ | ᠣᠶᠢᠲᠤ ᠭᠠᠵᠠᠷ 12.9397 ᠾᠧᠺᠲ᠋ᠠᠷ᠂ ᠡᠪᠡᠰᠦᠲᠦ ᠭᠠᠵᠠᠷ 8.0341 ᠾᠧᠺᠲ᠋ᠠᠷ᠂ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ 0.3854 ᠾᠧᠺᠲ᠋ᠠᠷ︶ ᠂ | ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 0.0331 ᠾᠧᠺᠲ᠋ᠠᠷ ᠢ ᠤᠯᠤᠰ ᠤᠨ ᠥᠮᠴᠢᠯᠡᠯ ᠤᠨ ᠭᠠᠵᠠᠷ ᠰᠢᠷᠣᠢ ᠪᠣᠯᠭᠠᠨ ᠲᠠᠲᠠᠪᠤᠷᠢᠯᠠᠬᠤ ᠶᠢᠨ | ᠬᠠᠮᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠨ᠎ᠠ᠃ | | ᠭᠤᠷᠪᠠ᠂ ᠭᠠᠵᠠᠷ ᠰᠢᠷᠣᠢ ᠳᠠᠳᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ ᠪᠠ ᠲᠠᠷᠢᠶᠠᠯᠠᠩ ᠤᠨ ᠬᠦᠮᠤᠨ ᠠᠮᠠ ᠶᠢ ᠲᠥᠪᠬᠢᠨᠡᠭᠦᠯᠬᠦ ᠵᠠᠮ ᠮᠦᠷ | ︵ᠨᠢᠭᠡ︶ ᠭᠠᠵᠠᠷ ᠰᠢᠷᠣᠢ ᠳᠠᠳᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ᠃ | ᠲᠣᠰ ᠤᠳᠠᠭᠠᠨ ᠤ ᠭᠠᠵᠠᠷ ᠰᠢᠷᠣᠢ ᠶᠢ ᠲᠠᠲᠠᠪᠤᠷᠢᠯᠠᠬᠤ ᠨᠢ ᠬᠥᠳᠡᠭᠡ ᠲᠣᠰᠬᠤᠨ ᠤ ᠡᠯ᠎ᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠠᠵᠠᠷ | ᠰᠢᠷᠣᠢ ᠳᠠᠳᠠᠪᠤᠷᠢᠯᠠᠬᠤ ᠲᠥᠯᠥᠪᠦᠷᠢ ᠣᠯᠭᠤᠵᠤ ᠲᠥᠪᠬᠢᠨᠡᠭᠦᠯᠬᠦ ᠲᠥᠰᠥᠯ ᠲᠠᠢ ᠬᠤᠯᠪᠤᠬᠳᠠᠵᠤ ᠂ ︽ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ | ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ | ᠲᠠᠷᠬᠠᠭᠠᠭᠰᠠᠨ ﹇ 2023 ﹈ 92 ᠲᠣᠭᠠᠲᠤ ︶ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | ︵ ᠬᠤᠶᠠᠷ ︶ ᠲᠥᠪᠬᠢᠨᠡᠭᠦᠯᠬᠦ ᠵᠠᠮ ᠮᠦᠷ ᠃ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠬᠤᠯᠪᠣᠭᠳᠠᠭᠰᠠᠨ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ ᠵᠠᠮ | ᠮᠦᠷ ᠪᠣᠯ ᠵᠣᠭᠤᠰ ᠢᠶᠠᠷ ᠲᠥᠪᠬᠢᠨᠡᠭᠦᠯᠬᠦ ᠪᠣᠯᠣᠨ᠎ᠠ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 8 ᠤ ᠡᠳᠤᠷ | |