| ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠣᠯᠠᠨ ᠤ ᠣᠷᠣᠰᠢᠭᠤᠯᠭ᠎ᠠ ᠬᠢᠬᠦ ᠳᠠᠷᠤᠭᠠᠰᠤ ᠶᠢ ᠤᠯᠠᠮ ᠴᠢᠨᠠᠬᠰᠢᠳᠠ ᠬᠥᠩᠭᠡᠷᠡᠭᠦᠯᠵᠦ ᠂ | ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ ᠶᠢᠨ ᠳᠤᠰᠠᠳᠠ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠰᠢᠭᠤᠯᠭ᠎ᠠ ᠶᠢᠨ | ᠬᠠᠮᠢᠶᠠᠷᠤᠯᠲᠠ ᠶᠢᠨ ᠳᠦᠷᠢᠮ ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠂ ︽ ᠦᠨ᠎ᠡ ᠲᠥᠯᠥᠪᠦᠷᠢ ᠦᠭᠡᠢ ᠣᠷᠣᠰᠢᠭᠤᠯᠭ᠎ᠠ ︾ | ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠬᠤᠯᠪᠣᠭᠳᠠᠯ ᠪᠦᠬᠦᠢ ᠵᠦᠢᠯᠡᠰ ᠢ ᠡᠳᠦᠭᠡ ᠳᠣᠣᠷᠠᠬᠢ ᠮᠡᠲᠦ ᠵᠠᠷᠯᠠᠶ᠎ᠠ ᠄ | ᠨᠢᠭᠡ ᠂ ᠠᠵᠢᠯ ᠤᠨ ᠵᠠᠷᠴᠢᠮ | ︵ ᠨᠢᠭᠡ ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠤᠨ᠎ᠠ ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ ᠂ ᠠᠮᠢ ᠨᠠᠰᠤ ᠶᠢ ᠬᠦᠨᠳᠦᠳᠬᠡᠬᠦ ᠂ ᠪᠣᠬᠢᠷᠲᠤᠯ ᠦᠭᠡᠢ ᠪᠣᠯᠪᠠᠰᠤᠨ ᠢ ᠡᠷᠬᠢᠮᠯᠡᠬᠦ ᠣᠶᠢᠯᠠᠭᠠᠭᠳᠠᠬᠤᠨ ᠢ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠂ ᠪᠣᠯᠪᠠᠰᠤᠨ ᠪᠥᠭᠡᠳ ᠠᠷᠪᠢᠴᠢ ᠭᠠᠮᠲᠠᠢ ᠣᠷᠣᠰᠢᠭᠤᠯᠭ᠎ᠠ ᠬᠢᠬᠦ ᠂ ᠭᠠᠵᠠᠷ ᠰᠢᠷᠣᠢ ᠶᠢ ᠠᠷᠪᠢᠯᠠᠵᠤ | ᠠᠮᠢ ᠠᠬᠤᠢ ᠶᠢ ᠠᠮᠤᠷᠵᠢᠭᠤᠯᠤᠨ ᠣᠷᠣᠰᠢᠭᠤᠯᠬᠤ ᠂ ᠪᠣᠯᠪᠠᠰᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠳᠠᠭ ᠳᠠᠬᠢᠯᠭ᠎ᠠ ᠬᠢᠬᠦ ᠶᠢ ᠰᠠᠨᠠᠭᠠᠴᠢᠯᠠᠵᠤ ᠂ | ᠣᠷᠣᠰᠢᠭᠤᠯᠭ᠎ᠠ ᠶᠢᠨ ᠪᠣᠯᠬᠢ ᠳᠠᠳᠬᠠᠯ ᠢ ᠡᠪᠳᠡᠵᠦ ᠂ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠵᠤ ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ | ︵ᠬᠤᠶᠠᠷ︶ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ | ᠪᠣᠯᠭᠠᠵᠤ ᠂ ᠣᠯᠠᠨ ᠲᠦᠮᠡᠨ ᠤ ᠣᠷᠣᠰᠢᠭᠤᠯᠭ᠎ᠠ ᠶᠢᠨ ᠬᠡᠷᠡᠭᠴᠡᠭᠡ ᠶᠢ ᠬᠠᠩᠭᠠᠬᠤ ᠪᠠᠷ ᠡᠬᠢᠯᠡᠯᠲᠡ ᠪᠠ ᠲᠡᠭᠦᠰᠬᠡᠯ ᠪᠣᠯᠭᠠᠵᠤ ᠂ ᠬᠥᠮᠥᠨ ᠪᠦᠬᠦᠨ ᠳᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ ᠦᠢᠯᠡᠴᠢᠯᠡᠭᠡ ᠡᠳ᠋ᠯᠡᠭᠦᠯᠬᠦ ᠶᠢ ᠦᠨᠡᠨ ᠬᠦ ᠪᠠᠲᠤᠯᠠᠵᠤ ᠂ ᠠᠷᠠᠳ ᠣᠯᠠᠨ ᠢ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠬᠠᠮᠤᠭ ᠤᠨ ᠶᠡᠭᠡ ᠠᠰᠢᠭ ᠬᠦᠷᠲᠡᠭᠴᠢ ᠪᠣᠯᠭᠠᠨ᠎ᠠ ᠃ ︽ ᠨᠢᠭᠡ ᠯᠡ ᠠᠳᠠᠯᠢ ᠪᠠᠷ ᠱᠠᠭᠠᠷᠳᠠᠵᠤ ︾ ᠪᠣᠯᠬᠤ ᠦᠭᠡᠢ ᠂ ᠵᠡᠭᠦᠨᠭᠠᠷ ᠤᠨ | ᠣᠨᠴᠠᠯᠢᠭ ᠲᠠᠢ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ ᠃ | ︵ᠭᠤᠷᠪᠠ ︶ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠬᠤ ᠶᠢ ᠪᠠᠷᠢᠮᠲᠠᠯᠠᠵᠤ ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠦᠨ᠎ᠡ ᠃ | ᠣᠷᠣᠰᠢᠭᠤᠯᠭ᠎ᠠ ᠶᠢᠨ ᠬᠦᠷᠢᠶ᠎ᠠ ᠴᠠᠷᠠᠭᠠᠨ ᠳᠠᠬᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠬᠠᠷᠢᠭᠤᠴᠠᠯᠭ᠎ᠠ ᠶᠢᠨ ᠬᠡᠯᠬᠢᠶ᠎ᠡ ᠶᠢ ᠵᠦᠢᠯ ᠳᠠᠷᠠᠭᠠᠯᠠᠨ | ᠡᠮᠬᠢᠯᠡᠵᠦ ᠂ ᠬᠢᠨᠠᠨ ᠬᠠᠮᠢᠶᠠᠷᠬᠤ ᠠᠷᠭ᠎ᠠ ᠪᠠᠷᠢᠯ ᠪᠠ ᠵᠠᠰᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠵᠣᠬᠢᠶᠠᠨ ᠪᠠᠶᠢᠭᠤᠯᠤᠯᠲᠠ ᠶᠢᠨ ᠬᠦᠴᠦᠨ ᠲᠡᠭᠦᠯᠳᠡᠷ ᠂ | ᠵᠣᠬᠢᠴᠠᠭᠤᠯᠤᠯᠲᠠ ᠶᠢᠨ ᠢᠯᠭᠤᠮ ᠰᠢᠯᠤᠭᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠦᠨ᠎ᠡ ᠃ ᠬᠠᠷᠢᠶ᠎ᠠ ᠣᠷᠣᠨ ᠤ ᠬᠠᠮᠢᠶᠠᠷᠤᠯᠲᠠ ᠶᠢ | ᠴᠢᠩᠭᠠᠳᠬᠠᠵᠤ ᠂ ᠦᠨᠳᠦᠰᠦᠨ ᠱᠠᠲᠤᠨ ᠤ ᠠᠵᠢᠯ ᠤᠨ ᠬᠦᠴᠦᠨ ᠢ ᠴᠢᠩᠭᠠᠳᠬᠠᠨ ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠂ | ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠵᠦ ᠂ ᠬᠦᠴᠦᠷᠬᠡᠭ ᠶᠡᠭᠡ ᠬᠢᠨᠠᠨ ᠬᠠᠮᠢᠶᠠᠷᠤᠯᠲᠠ ᠶᠢᠨ ᠬᠠᠮᠳᠤᠷᠠᠯ ᠬᠦᠴᠦᠨ ᠢ ᠪᠤᠢ ᠪᠣᠯᠭᠠᠵᠤ ᠂ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ | ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ᠎ᠡ᠃ | ︵ ᠳᠥᠷᠪᠡ ︶ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠨᠡᠶᠢᠭᠡᠮ ᠤᠨ ᠬᠢᠨ ᠤ ᠣᠷᠣᠯᠴᠠᠬᠤ ᠶᠢ ᠳᠠᠶᠢᠴᠢᠯᠠᠨ᠎ᠠ ᠃ ᠨᠠᠮ ᠤᠨ ᠭᠡᠰᠢᠭᠦᠨ | ᠺᠠᠳ᠋ᠷ ᠂ ᠠᠯᠪᠠᠨ ᠲᠤᠰᠢᠶᠠᠯᠲᠠᠨ ᠪᠠ ᠬᠤᠰᠢᠭᠤᠴᠢ ᠵᠢᠱᠢᠶᠡᠴᠢ ᠵᠡᠷᠭᠡ ᠬᠠᠮᠳᠤᠯᠢᠭ ᠤᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ | ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠣᠷᠣᠰᠢᠭᠤᠯᠭ᠎ᠠ ᠶᠢᠨ ᠤᠶᠢᠯᠠᠭᠠᠬᠳᠠᠬᠤᠨ ᠢ ᠪᠣᠶ ᠪᠣᠯᠭᠠᠵᠤ ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ ᠂ ᠣᠷᠣᠰᠢᠭᠤᠯᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ ᠃ | ᠬᠤᠶᠠᠷ ᠂ ᠰᠤᠶᠢᠳᠭᠡᠯ ᠦᠯᠤ ᠬᠤᠷᠢᠶᠠᠬᠤ ᠡᠳᠡᠭᠡᠳ | ᠵᠡᠭᠦᠨᠭᠠᠷ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ ᠪᠦᠭᠡᠳ ᠵᠡᠭᠦᠨᠭᠠᠷ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ | ᠣᠩᠭᠤᠨ ᠳᠤ ᠤᠷᠤᠰᠢᠭᠤᠯᠤᠬᠰᠠᠨ ᠨᠠᠰᠤ ᠦᠭᠴᠢᠭᠰᠡᠳ ᠃ | ᠭᠤᠷᠪᠠ᠂ ᠬᠡᠷᠡᠭᠵᠢᠭᠦᠯᠬᠦ ᠴᠠᠭ | 2024 ᠣᠨ ᠤ 12 ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠥᠷᠪᠡ ᠂ ᠰᠦᠢᠳᠬᠡᠯ ᠦᠯᠤ ᠬᠤᠷᠢᠶᠠᠬᠤ ᠲᠥᠷᠥᠯ ᠵᠦᠢᠯ | ᠬᠡᠭᠦᠷ ᠢ ᠲᠤᠰᠴᠤ ᠵᠥᠭᠡᠭᠡᠪᠦᠷᠢᠯᠡᠬᠦ ᠂ ᠬᠡᠭᠦᠷ ᠳᠠᠯᠪᠢᠬᠤ ᠂ ᠬᠡᠭᠦᠷ ᠢ ᠭᠠᠯ ᠢᠶᠠᠷ ᠳᠡᠭᠳᠡᠭᠡᠬᠦ ᠂ ᠴᠢᠨᠳᠠᠷ ᠢ ᠬᠠᠳᠠᠭᠠᠯᠠᠬᠤ ᠵᠡᠷᠭᠡ ᠳᠥᠷᠪᠡᠨ ᠵᠦᠢᠯ ᠤᠨ ᠦᠨᠳᠦᠰᠦᠨ | ᠦᠢᠯᠡᠴᠢᠯᠡᠭᠡ ᠲᠠᠢ ᠪᠠᠶᠢᠵᠤ ᠂ ᠭᠠᠰᠢᠭᠤᠳᠠᠯ ᠤᠨ ᠲᠢᠩᠬᠢᠮ ᠂ ᠳᠤᠷᠠᠰᠬᠠᠯ ᠤᠨ ᠬᠤᠷᠠᠯ ᠂ ᠴᠢᠨᠳᠠᠷ ᠤᠨ ᠬᠠᠶᠢᠷᠴᠠᠭ ᠂ ᠨᠡᠶᠢᠲᠡ ᠶᠢᠨ ᠣᠩᠭᠤᠨ ᠂ ᠣᠩᠭᠤᠨ ᠤ ᠬᠥᠰᠢᠶ᠎ᠡ ᠂ | ᠬᠥᠰᠢᠶᠡᠨ ᠤ ᠰᠡᠶᠢᠯᠦᠮᠡᠯ ᠵᠢᠴᠢ ᠨᠡᠶᠢᠲᠡ ᠶᠢᠨ ᠣᠩᠭᠤᠨ ᠤ ᠬᠠᠮᠢᠶᠠᠷᠤᠯᠲᠠ ᠵᠡᠷᠭᠡ ᠵᠠᠷᠤᠳᠠᠯ ᠳᠤ ᠣᠷᠣᠰᠢᠭᠤᠯᠭ᠎ᠠ ᠶᠢᠨ ᠪᠥᠬᠦ ᠬᠡᠯᠬᠢᠶ᠎ᠡ ᠂ ᠪᠥᠬᠦ ᠶᠠᠪᠤᠴᠠ ᠂ ᠪᠥᠬᠦ | ᠦᠶᠡᠯᠡᠯ ᠤᠨ ᠬᠤᠭᠤᠴᠠᠭ᠎ᠠ ᠲᠠᠢ ᠰᠦᠢᠳᠬᠡᠯ ᠬᠤᠷᠢᠶᠠᠬᠤ ᠦᠭᠡᠢ ᠪᠠᠶᠢᠬᠤ ᠶᠢ ᠬᠡᠷᠡᠭᠵᠢᠭᠦᠯᠦᠨ᠎ᠡ ᠃ | ᠲᠠᠪᠤ ᠂ ᠦᠢᠯᠡᠴᠢᠯᠡᠭᠡ ᠭᠤᠶᠤᠴᠢᠯᠠᠬᠤ | ᠨᠦᠭᠴᠢᠭᠰᠡᠳ ᠤᠨ ᠭᠡᠷ ᠪᠦᠯᠢ ᠶᠢᠨ ᠬᠢᠨ ᠪᠤᠶᠤ ᠳᠤᠬᠳᠠᠬᠰᠠᠨ ᠣᠷᠣᠯᠠᠭᠴᠢ ᠵᠡᠭᠦᠨᠭᠠᠷ ᠤᠨ ᠣᠷᠣᠰᠢᠭᠤᠯᠭ᠎ᠠ ᠶᠢᠨ ᠭᠠᠵᠠᠷ ᠪᠤᠶᠤ ᠱᠠᠬᠳᠠᠷ ᠤᠨ | ᠣᠷᠣᠰᠢᠭᠤᠯᠭ᠎ᠠ ᠶᠢᠨ ᠭᠠᠵᠠᠷ ᠲᠤ ᠰᠦᠢᠳᠬᠡᠯ ᠦᠯᠤ ᠬᠤᠷᠢᠶᠠᠬᠤ ᠣᠷᠣᠰᠢᠭᠤᠯᠭ᠎ᠠ ᠶᠢᠨ ᠦᠢᠯᠡᠴᠢᠯᠡᠭᠡᠭᠤᠶᠤᠴᠢᠯᠠᠨᠠ ᠂ ᠬᠢᠨᠠᠨ ᠬᠠᠷᠭᠤᠭᠤᠯᠤᠭᠠᠳ ᠨᠥᠬᠦᠴᠡᠯ ᠳᠤ | ᠨᠡᠶᠢᠴᠡᠪᠡᠯ ᠂ ᠳᠤᠬᠢᠷᠠᠮᠵᠢᠳᠠᠢ ᠰᠦᠢᠳᠬᠡᠯ ᠦᠯᠤ ᠬᠤᠷᠢᠶᠠᠬᠤ ᠦᠢᠯᠡᠴᠢᠯᠡᠭᠡ ᠬᠠᠩᠭᠠᠨ᠎ᠠ ᠃ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠪᠡᠯᠡᠳᠬᠡᠬᠦ | ᠴᠢᠬᠤᠯᠠᠲᠠᠢ᠄ | ︵ᠨᠢᠭᠡ︶ ︽ᠰᠠᠭᠤᠭᠠᠯᠢ ᠠᠷᠠᠳ ᠤᠨ ᠦᠬᠦᠭᠰᠡᠨ ᠠᠨᠠᠭᠠᠬᠤ ᠤᠬᠠᠭᠠᠨ ᠤ ᠭᠡᠷᠡᠴᠢᠯᠡᠯ ︵ᠮᠠᠭᠠᠳᠯᠠᠯᠲᠠ︶ ᠤᠨ ᠪᠢᠴᠢᠭ︾ ︔ | ︵ᠬᠤᠶᠠᠷ︶ ᠨᠥᠭᠴᠢᠭᠰᠡᠳ ᠤᠨ ᠪᠡᠶ᠎ᠡ ᠶᠢᠨ ᠦᠨᠡᠮᠯᠡᠯ ︵ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ︶ ︔ | ︵ᠭᠤᠷᠪᠠ︶ ᠪᠡᠯᠪᠡᠰᠦᠷᠡᠯ ᠤᠨ ᠶᠠᠪᠤᠳᠠᠯ ᠢ ᠳᠠᠭᠠᠭᠠᠨ ᠬᠢᠭᠴᠢ ᠶᠢᠨ ᠪᠡᠶ᠎ᠡ ᠶᠢᠨ ᠦᠨᠡᠮᠯᠡᠯ ᠃ | ᠵᠢᠷᠭᠤᠭ᠎ᠠ ᠂ ᠬᠢᠨᠠᠯᠳᠠ ᠬᠠᠮᠢᠶᠠᠷᠤᠯᠳᠠ | ᠵᠡᠭᠦᠨᠭᠠᠷ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ ᠦᠨ᠎ᠡ ᠲᠥᠯᠥᠪᠦᠷᠢ ᠦᠭᠡᠢ ᠣᠷᠣᠰᠢᠭᠤᠯᠭ᠎ᠠ ︾ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠪᠠᠲᠤᠯᠠᠵᠤ ᠂ ᠦᠨ᠎ᠡ ᠲᠥᠯᠥᠪᠦᠷᠢ ᠦᠭᠡᠢ ᠣᠷᠣᠰᠢᠭᠤᠯᠭ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ | ᠳᠤᠷ᠎ᠠ ᠪᠠᠷ ᠬᠡᠷᠡᠭᠯᠡᠬᠦ ᠪᠠ ᠨᠡᠭᠦᠯᠭᠡᠨ ᠬᠡᠷᠡᠭᠯᠡᠬᠦ ᠶᠢ ᠰᠡᠷᠭᠡᠶᠢᠯᠡᠨ᠎ᠡ ᠃ | ᠬᠢᠨᠠᠯᠲᠠ ᠲᠠᠯᠪᠢᠬᠤ ᠳ᠋ᠢᠶᠠᠩᠬᠤᠸᠠ ᠄ 0477-4215016 | 0477-4215017 | ᠳᠤᠯᠤᠭ᠎ᠠ ᠂ ᠣᠷᠣᠰᠢᠭᠤᠯᠭ᠎ᠠ ᠶᠢᠨ ᠭᠠᠵᠠᠷ ᠤᠨ ᠬᠠᠷᠢᠯᠴᠠᠬᠤ ᠠᠷᠭ᠎ᠠ ᠬᠡᠯᠪᠡᠷᠢ | ︵ ᠨᠢᠭᠡ ︶ ᠵᠡᠭᠦᠨᠭᠠᠷ ᠤᠨ ᠣᠷᠣᠰᠢᠭᠤᠯᠭ᠎ᠠ ᠶᠢᠨ ᠭᠠᠵᠠᠷ | ᠬᠠᠶ᠋ᠢᠭ ᠄ ᠵᠡᠭᠦᠨᠭᠠᠷ ᠬᠤᠰᠢᠭᠤᠨ ᠤ ᠪᠤᠷᠤᠳᠤᠬᠤᠢ ᠰᠤᠮᠤ ᠶᠢᠨ ᠬᠦᠨᠳᠡᠢ ᠶᠢᠨ ᠭᠤᠤᠯ ᠲᠣᠰᠬᠤᠨ ᠤ ᠴᠤᠸᠠᠨ ᠵᠠᠩ ᠭᠧᠦ ᠬᠤᠷᠰᠢᠶ᠎ᠠ | ᠦᠢᠯᠡᠴᠢᠯᠡᠭᠡᠨ ᠤ ᠳ᠋ᠢᠶᠠᠩᠬᠤᠸᠠ ᠄ 0477-4621444 | ︵ ᠬᠤᠶᠠᠷ ︶ ᠱᠠᠬᠳᠠᠷ ᠤᠨ ᠣᠷᠣᠰᠢᠭᠤᠯᠭ᠎ᠠ ᠶᠢᠨ ᠭᠠᠵᠠᠷ | ᠬᠠᠶ᠋ᠢᠭ ᠄ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤᠨ ᠤ ᠪᠤᠯᠠᠭ ᠲᠣᠰᠬᠤᠨ ᠤ ᠨᠢᠶᠠᠨ ᠹᠠᠩ ᠸᠠᠨ ᠬᠤᠷᠰᠢᠶ᠎ᠠ | ᠦᠢᠯᠡᠴᠢᠯᠡᠭᠡᠨ ᠤ ᠳ᠋ᠢᠶᠠᠩᠬᠤᠸᠠ ᠄ 0477-4922444 | | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 12 ᠰᠠᠷ᠎ᠠ ᠶᠢᠨ 21 ᠤ ᠡᠳᠤᠷ | |