| 12 ᠳ᠋ᠤᠭᠠᠷ ᠰᠠᠷ᠎ᠠ ᠶᠢᠨ 1 ᠤ ᠡᠳᠦᠷ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ ᠂ ᠥᠨᠥ ᠵᠢᠯ ᠠᠴᠠ ᠨᠠᠭᠠᠰᠢ ᠂ ᠲᠤᠰ ᠨᠢᠭᠡᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠤᠰᠬᠠᠢ | ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ ︾ ᠳᠤ ᠲᠣᠳᠣᠷᠬᠠᠶᠢᠯᠠᠭᠰᠠᠨ ︽ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠳᠣᠷᠣᠭᠰᠢ ︽ ᠰᠠᠨᠠᠯ ︾ ᠭᠡᠵᠦ ᠲᠣᠪᠴᠢᠯᠠᠪᠠ ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠴᠢᠬᠤᠯᠠ | ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠢᠵᠢ ᠲᠥᠬᠦᠷ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠠᠬᠢᠭᠤᠯᠬᠤ ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠥᠷᠪᠡᠨ ᠲᠠᠯ᠎ᠠ ᠶᠢᠨ ᠭᠤᠣᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ ᠂ ︽ ᠠᠵᠢᠯ ᠢ ᠠᠬᠢᠭᠤᠯᠬᠤ ᠂ | ᠶᠡᠷᠦᠩᠬᠡᠶᠢᠯᠡᠨ ᠵᠣᠬᠢᠴᠠᠭᠤᠯᠬᠤ ᠂ ᠳ᠋ᠦᠩᠨᠡᠨ ᠦᠨᠡᠯᠡᠬᠦ ᠂ ᠤᠬᠠᠭᠤᠯᠤᠨ ᠳᠡᠯᠭᠡᠷᠡᠭᠦᠯᠬᠦ ᠂ ᠰᠢᠮᠳᠠᠭᠤᠯᠤᠨ ᠭᠦᠢᠴᠡᠳᠬᠡᠭᠦᠯᠵᠦ ᠮᠡᠳᠡᠭᠡᠯᠡᠬᠦ ᠂ ᠬᠥᠳᠡᠯᠦᠩᠭᠦᠢ ᠪᠠᠷ | ᠲᠣᠬᠢᠷᠠᠭᠤᠯᠬᠤ ︾ ᠵᠢᠷᠭᠤᠭᠠᠨ ᠲᠣᠭᠲᠠᠴᠠ ᠶᠢ ᠪᠠᠶᠢᠭᠤᠯᠤᠨ ᠂ ︽ ᠴᠠᠭᠠᠰᠤᠨ ᠳᠡᠭᠡᠷᠡᠬᠢ ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠲᠠᠲᠠᠢ ᠪᠣᠯᠭᠠᠨ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠠᠳ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ | ᠬᠦᠴᠦᠨ ᠪᠣᠯᠭᠠᠨ ᠬᠤᠪᠢᠷᠠᠭᠤᠯᠵᠠᠢ ᠃ | ︽ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ | ᠲᠣᠭᠲᠠᠭᠠᠭᠰᠠᠨ ᠭᠤᠣᠯᠳᠠᠯᠭ᠎ᠠ ᠪᠣᠯᠬᠤ ᠢᠨᠵᠧᠨᠧᠷᠢᠩ ᠮᠥᠨ ᠪᠥᠭᠡᠳ ︽ ᠵᠢᠷᠭᠤᠭᠠᠨ ᠢᠨᠵᠧᠨᠧᠷᠢᠩ ︾ ᠤᠨ ᠳᠣᠲᠣᠷᠠᠬᠢ ᠲᠡᠷᠢᠭᠦᠨ ᠢᠨᠵᠧᠨᠧᠷᠢᠩ ᠨᠢ ᠪᠣᠯᠣᠨ᠎ᠠ ᠃ | ᠨᠢᠳᠤᠨᠤᠨ ᠤ 10 ᠳ᠋ᠤᠭᠠᠷ ᠰᠠᠷ᠎ᠠ ᠳᠤ ︽ ᠰᠠᠨᠠᠯ ︾ ᠢ ᠨᠡᠶᠢᠲᠡᠯᠡᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ | ᠨᠢᠭᠡ ᠬᠥᠯᠭᠡ ᠰᠢᠲᠠᠷ᠎ᠠ ᠶᠢ ᠨᠢᠭᠡᠳᠦᠯᠲᠡᠢ ᠲᠥᠯᠥᠪᠯᠡᠬᠦ ᠂ ᠨᠢᠭᠡ ᠴᠣᠭᠴᠠᠵᠢᠭᠤᠯᠤᠨ ᠠᠬᠢᠭᠤᠯᠬᠤ ᠂ ᠬᠠᠮᠲᠤ ᠳᠤ ᠨᠢ ᠪᠠᠲᠤᠯᠠᠬᠤ ᠶᠢ ᠪᠠᠷᠢᠮᠲᠠᠯᠠᠨ ᠂ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠡᠭᠦᠷᠭᠡ ᠶᠢᠨ ᠲᠣᠳᠣᠷᠬᠠᠢ ᠬᠠᠭᠤᠳᠠᠰᠤᠨ ᠤ ᠪᠠᠷᠢᠮᠵᠢᠶ᠎ᠠ ᠪᠠ ᠱᠠᠭᠠᠷᠳᠠᠯᠭ᠎ᠠ ᠯᠤᠭ᠎ᠠ ᠬᠠᠷᠭᠤᠭᠤᠯᠵᠤ ᠂ ︽ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ︾ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ ᠃ | ᠣᠳᠣᠬᠠᠨ ᠳᠤ ᠂ ᠥᠪᠥᠷ ᠮᠣᠩᠭᠤᠯ ᠲᠥᠷᠥ ᠶᠢᠨ ᠶᠠᠪᠤᠳᠠᠯ ᠤᠨ ᠬᠤᠷᠢᠶᠠᠨ ᠤ ︽ ᠰᠠᠨᠠᠯ ︾ ᠳᠠᠬᠢ ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠪᠠᠨ ᠠᠬᠢᠭᠤᠯᠵᠤ ᠂ ᠭᠤᠣᠯᠳᠠᠯᠭ᠎ᠠ ᠪᠣᠯᠬᠤ 189 ᠵᠦᠢᠯ ᠤᠨ ᠡᠭᠦᠷᠭᠡ ᠶᠢ ᠴᠠᠭ ᠤᠨ ᠳᠠᠷᠠᠭᠠᠯᠠᠯ ᠠᠬᠢᠴᠠ ᠪᠠᠷ ᠬᠦᠴᠦᠲᠡᠢ ᠠᠬᠢᠭᠤᠯᠵᠤ | ᠪᠠᠶᠢᠨ᠎ᠠ ᠂ ᠡᠭᠦᠨ ᠳᠤ 41 ᠵᠦᠢᠯ ᠨᠢ ᠴᠢᠬᠤᠯᠠ ᠶᠡᠭᠡ ᠠᠬᠢᠴᠠ ᠲᠠᠢ ᠂ 140 ᠵᠦᠢᠯ ᠨᠢ ᠢᠯᠡᠳᠲᠡ ᠠᠬᠢᠴᠠ ᠲᠠᠢ ᠂ 8 ᠵᠦᠢᠯ ᠨᠢ ᠱᠠᠲᠤᠴᠢ ᠴᠢᠨᠠᠷᠲᠠᠢ | ᠠᠬᠢᠴᠠ ᠲᠠᠢ ᠪᠣᠯᠪᠠ ᠃ ᠢᠵᠢ ᠲᠥᠬᠦᠷ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠵᠦ ᠂ ᠳᠥᠴᠢᠨ ᠳᠥᠷᠪᠡᠨ ᠶᠠᠮᠤᠨ ᠵᠥᠪᠯᠡᠯ ᠂ ᠨᠢᠭᠡᠴᠢ ᠪᠠ ᠠᠵᠤ | ᠠᠬᠤᠶᠢᠯᠠᠯ ᠤᠨ ︽ ᠰᠠᠨᠠᠯ ︾ ᠢ ᠨᠡᠶᠢᠳᠠᠪᠤᠷᠢᠵᠢᠭᠤᠯᠬᠤ 49 ᠵᠦᠢᠯ ᠤᠨ ᠢᠵᠢ ᠲᠥᠬᠦᠷ ᠲᠦᠷᠦ ᠶᠢᠨ ᠪᠣᠳᠣᠯᠭ᠎ᠠ ᠨᠡᠶᠢᠲᠡᠯᠡᠬᠦ ᠶᠢ ᠨᠢ ᠠᠬᠢᠭᠤᠯᠤᠭᠠᠳ ᠵᠢᠯ ᠤᠨ | ᠡᠬᠢᠨ ᠳᠤ ᠲᠣᠭᠲᠠᠭᠠᠭᠰᠠᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ ᠃ ᠴᠢᠬᠤᠯᠠ ᠶᠡᠭᠡ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ ᠂ 3 ᠵᠢᠯ ᠤᠨ | ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠱᠠᠭᠠᠷᠳᠠᠯᠭ᠎ᠠ ᠶᠣᠰᠣᠭᠠᠷ ᠂ ︽ ᠰᠠᠨᠠᠯ ︾ ᠳᠠᠬᠢ ᠴᠢᠬᠤᠯᠠ ᠶᠡᠭᠡ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠳᠤ 86 ᠵᠦᠢᠯ ᠤᠨ ᠴᠢᠬᠤᠯᠠ ᠶᠡᠭᠡ ᠲᠥᠷᠥᠯ ᠵᠦᠢᠯ ᠠᠴᠠ 69 ᠲᠥᠷᠥᠯ ᠵᠦᠢᠯ ᠳᠤ ᠨᠢ ᠨᠢᠭᠡᠨᠲᠡ | ᠠᠵᠢᠯ ᠡᠬᠢᠯᠡᠭᠦᠯᠵᠦ ᠂ ᠠᠵᠢᠯ ᠡᠬᠢᠯᠡᠭᠦᠯᠦᠭᠰᠡᠨ ᠨᠣᠷᠮ᠎ᠠ ᠨᠢ 80% ᠳᠤ ᠬᠦᠷᠴᠦ ᠂ ︽ ᠡᠬᠢᠯᠡᠭᠦᠯᠬᠦ ᠶᠣᠰᠣᠲᠠᠢ ᠪᠦᠬᠦᠨ ᠢ ᠡᠬᠢᠯᠡᠭᠦᠯᠬᠦ ︾ ᠬᠠᠷᠠᠯᠲᠠ ᠪᠠᠨ | ᠪᠡᠶᠡᠯᠡᠭᠦᠯᠪᠡ ᠃ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ | ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠬᠦ ᠲᠠᠪᠴᠠᠩ ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠪᠠᠳᠠᠷᠠᠭᠤᠯᠪᠠ ᠂ ᠵᠢᠱᠢᠶᠡᠯᠡᠪᠡᠯ ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠤᠮᠳᠠᠳᠤ ᠮᠣᠩᠭᠤᠯ ᠤᠨ | ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠠᠯᠪᠠᠨ ᠶᠣᠰᠣᠭᠠᠷ ᠴᠣᠬᠤᠯᠠᠪᠤᠷᠢᠯᠠᠪᠠ ︔ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠤ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ | ᠲᠥᠪ ᠤᠨ ᠲᠥᠰᠥᠪ ᠤᠨ ᠳᠣᠲᠣᠷᠠᠬᠢ ᠲᠥᠷᠥᠯ ᠵᠦᠢᠯ ᠤᠨ ᠲᠥᠪ ᠤᠨ ᠪᠡᠯᠡ ᠮᠥᠩᠭᠦᠨ ᠤ ᠬᠠᠷᠢᠴᠠᠯ ᠢ 80% ᠳᠤ ᠬᠦᠷᠲᠡᠯ᠎ᠡ ᠨᠡᠮᠡᠭᠳᠡᠭᠦᠯᠵᠦ ᠂ ᠪᠡᠯᠡ | ᠣᠷᠣᠭᠤᠯᠤᠯᠲᠠ ᠶᠢᠨ ᠬᠠᠷᠢᠴᠠᠯ ᠢ ︽ ᠤᠮᠠᠷᠠᠲᠤ ᠶᠢᠨ ᠭᠤᠷᠪᠠᠨ ᠣᠷᠣᠨ ︾ ᠤ ᠭᠠᠵᠠᠷ ᠣᠷᠣᠨ ᠨᠤᠭᠤᠳ ᠲᠠᠬᠢ ᠬᠠᠮᠤᠭ ᠤᠨ ᠥᠨᠳᠥᠷ ᠲᠠᠰ ᠪᠣᠯᠭᠠᠬᠤ ᠪᠠᠷ | ᠳᠣᠭᠲᠠᠭᠠᠪᠠ ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠨᠧᠷᠭᠢ ᠶᠢᠨ ᠲᠣᠪᠴᠢᠶᠠᠨ ᠠᠴᠠ ᠥᠪᠥᠷ ᠮᠣᠩᠭᠤᠯ ᠤᠨ ᠴᠠᠬᠢᠯᠭᠠᠨ | ᠬᠦᠴᠦᠨ ᠤ ᠲᠣᠣᠷ ᠲᠤ ᠡᠷᠬᠡ ᠣᠯᠭᠤᠵᠤ ᠤᠯᠤᠰ ᠤᠨ ᠴᠠᠬᠢᠯᠭᠠᠨ ᠬᠦᠴᠦᠨ ᠤ ᠲᠣᠣᠷ ᠂ ᠡᠮᠦᠨᠡᠲᠦ ᠶᠢᠨ ᠴᠠᠬᠢᠯᠭᠠᠨ ᠬᠦᠴᠦᠨ ᠤ ᠲᠣᠣᠷ ᠤᠨ ᠳᠠᠷᠠᠭᠠᠬᠢ | ᠭᠤᠷᠪᠠᠳᠠᠭᠢ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶᠠᠨ ᠤ ᠲᠤᠷᠰᠢᠯᠲᠠ ᠶᠢᠨ ᠴᠡᠭ ᠪᠣᠯᠭᠠᠪᠠ ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠦᠢᠯ ᠢ 1086 ᠲᠦᠮᠡᠨ ᠮᠦ ᠂ ᠰᠢᠷ᠎ᠠ ᠪᠤᠷᠴᠠᠭ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 405 | ᠲᠦᠮᠡᠨ ᠮᠦ ᠴᠢᠷᠮᠠᠶᠢᠨ ᠣᠯᠵᠤ ᠂ ᠴᠥᠮ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ ᠁ | ︽ ᠳᠠᠷᠠᠭᠠᠴᠢ ᠶᠢᠨ ᠠᠯᠬᠤᠮ ᠳᠤ ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠂ | ᠵᠢᠷᠭᠤᠭᠠᠨ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠨ ᠂ ︿ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ﹀ ᠢ ᠭᠦᠨᠵᠡᠭᠡᠶᠢᠷᠡᠭᠦᠯᠦᠨ | ᠠᠬᠢᠭᠤᠯᠵᠤ ᠂ ᠨᠢᠭᠡ ᠶᠢ ᠡᠷᠬᠢᠯᠡᠪᠡᠯ ᠨᠢᠭᠡ ᠶᠢ ᠪᠡᠶᠡᠯᠡᠭᠦᠯᠵᠦ ᠂ ᠨᠢᠭᠡ ᠶᠢ ᠬᠡᠷᠡᠭᠵᠢᠭᠦᠯᠪᠡᠯ ᠨᠢᠭᠡ ᠳᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠂ | ᠲᠣᠭᠲᠠᠭᠰᠠᠨ ᠬᠤᠭᠤᠴᠠᠭᠠᠨ ᠳᠤ ᠪᠠᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠨ ᠂ ︿ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ﹀ ᠤᠨ | ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠃ ︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠭᠠᠵᠠᠷ ᠤᠨ ᠳᠠᠷᠤᠭ᠎ᠠ ᠯᠢ ᠷᠦᠢ ᠰᠢᠤᠢ ᠲᠠᠨᠢᠯᠴᠠᠭᠤᠯᠪᠠ ᠃ | | |