| ᠠᠩᠬᠠᠷ | 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠬᠤ | ᠠᠵᠢᠯ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠪᠡ ᠃ | ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP ᠢᠶᠠᠷ 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠵᠤ ᠪᠣᠯᠤᠨ᠎ᠠ ᠃ | ᠡᠷᠬᠡᠪᠰᠢ ᠲᠤᠰ ᠰᠠᠷ᠎ᠠ ᠳᠤ ᠭᠦᠢᠴᠡᠳᠬᠡᠭᠡᠷᠡᠢ | ᠪᠣᠳᠠᠲᠠᠢ ᠠᠯᠬᠤᠮ ᠨᠢ ᠳᠣᠣᠷᠠᠬᠢ ᠮᠡᠲᠦ | ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ︵ 个人所得税App ︶ ᠢ ᠨᠡᠭᠡᠭᠡᠵᠦ ᠂ ︽ ᠲᠤᠰᠬᠠᠢ ᠵᠦᠢᠯ ᠤᠨ ᠨᠡᠮᠡᠯᠲᠡ | ᠰᠠᠭᠤᠯᠭᠠᠨ ᠠᠪᠬᠤ ᠶᠢ ᠲᠠᠭᠯᠠᠨ ᠮᠡᠳᠡᠭᠦᠯᠬᠦ ︾ ︵ 专项附加扣除填报 ︶ ᠬᠡᠰᠡᠭ ᠢ ᠳᠠᠷᠤᠭᠠᠷᠠᠢ | | | ᠰᠠᠨᠠᠭᠤᠯᠤᠮᠵᠢ ᠄ | ᠭᠠᠶᠢᠯᠢ ᠲᠤᠰᠢᠶᠠᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠶ | ᠵᠦᠢᠯ ᠤᠨ ᠨᠡᠮᠡᠯᠲᠡ ᠰᠠᠭᠤᠯᠭᠠᠨ ᠠᠪᠬᠤ ᠶᠢᠨ ᠠᠭᠤᠯᠭ᠎ᠠ ᠪᠠᠨ ᠨᠤᠲᠠᠯᠠᠨ᠎ᠠ ᠃ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠲᠥᠷᠥᠯ ᠵᠦᠢᠯ ᠳᠤ ᠦᠷ᠎ᠡ ᠬᠡᠤᠬᠡᠳ ᠤᠨ | ᠰᠤᠷᠭᠠᠨ ᠬᠥᠮᠦᠵᠢᠯ ᠂ ᠦᠷᠭᠦᠯᠵᠢᠯᠡᠭᠰᠡᠨ ᠰᠤᠷᠭᠠᠨ ᠬᠥᠮᠦᠵᠢᠯ ᠂ ᠬᠦᠨᠳᠦ ᠡᠪᠡᠳᠴᠢᠨ ᠤ ᠡᠮᠴᠢᠯᠡᠭᠡ ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠂ | ᠣᠷᠣᠨ ᠰᠠᠭᠤᠴᠠ ᠶᠢᠨ ᠲᠦᠷᠢᠶᠡᠰᠦᠨ ᠮᠥᠩᠭᠦ ᠂ ᠨᠠᠰᠤᠲᠠᠨ ᠢᠶᠠᠨ ᠠᠰᠠᠷᠠᠨ ᠲᠡᠵᠢᠭᠡᠬᠦ ᠂ ᠨᠢᠯᠬ᠎ᠠ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠯᠤᠭᠠᠨ ᠵᠦᠢᠯ ᠪᠠᠭᠲᠠᠨ᠎ᠠ ᠃ | ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ App ᠢ ᠪᠠᠭᠤᠯᠭᠠᠵᠤ ᠠᠪᠤᠭᠠᠳ ᠵᠠᠰᠠᠵᠤ ᠂ ᠨᠤᠲᠠᠯᠠᠵᠤ ᠪᠣᠯᠤᠨ᠎ᠠ ᠃ | | | |