| ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠶ᠎ᠡ | — ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ ᠨᠢᠭᠡ ᠪᠦᠰᠡ ᠨᠢᠭᠡ ᠵᠠᠮ ︾ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ | ᠬᠥᠭᠡᠭᠡᠴᠡᠯᠳᠦᠵᠦ ᠪᠠᠶᠢᠭ᠎ᠠ ᠨᠢ ᠬᠥᠭᠵᠢᠯᠲᠡ ᠂ ᠡᠷᠬᠢᠮᠯᠡᠵᠦ ᠪᠠᠶᠢᠭ᠎ᠠ ᠨᠢ ᠬᠠᠮᠲᠤ ᠶᠢᠨ ᠢᠯᠠᠯᠲᠠ ᠂ ᠳᠠᠮᠵᠢᠭᠤᠯᠵᠤ ᠪᠠᠶᠢᠭ᠎ᠠ ᠨᠢ ᠢᠲᠡᠭᠡᠯ ᠪᠣᠯᠣᠨ᠎ᠠ ᠂ ︽ ᠨᠢᠭᠡ | ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠴᠠᠭ ᠦᠶ᠎ᠡ ᠶᠢᠨ ᠳᠠᠪᠰᠢᠯᠲᠠ ᠶᠢᠨ ᠯᠣᠭᠢᠭ ᠲᠤ | ᠨᠡᠶᠢᠴᠡᠨ᠎ᠡ ᠃ | 12 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠳᠥᠷᠪᠡᠳᠦᠭᠡᠷ ᠤᠳᠠᠭᠠᠨ ᠤ ︽ ᠨᠢᠭᠡ ᠪᠦᠰᠡ ᠨᠢᠭᠡ ᠵᠠᠮ ︾ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ | ᠲᠥᠯᠥᠪᠯᠡᠬᠦ ᠦᠨᠳᠦᠷᠴᠡ ᠠᠴᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠢᠴᠡᠳ | ᠨᠤᠲᠠᠯᠠᠵᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ︽ ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ ᠂ | ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ︿ ᠨᠢᠭᠡ | ᠪᠦᠰᠡ ᠨᠢᠭᠡ ᠵᠠᠮ ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ ︾ ᠭᠡᠵᠦ ᠴᠢᠬᠤᠯᠠᠴᠢᠯᠠᠪᠠ ᠃ | 2013 ᠣᠨ ᠳᠤ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠡᠭᠦᠳᠦᠯᠲᠡ ᠶᠢᠨ ᠴᠢᠨᠠᠷᠲᠠᠢ | ᠳᠤᠷᠠᠳᠤᠭᠰᠠᠨ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠂ ᠵᠠᠷᠴᠢᠮ ᠣᠨᠣᠯᠵᠢᠬᠤᠨ ᠂ ᠬᠠᠷᠠᠯᠲᠠ ᠡᠭᠦᠷᠭᠡ ᠂ ᠠᠷᠭ᠎ᠠ ᠵᠠᠮ ᠵᠡᠷᠭᠡ ᠶᠢᠨ ᠲᠤᠬᠠᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ ᠂ ︽ ᠨᠢᠭᠡ ᠪᠦᠰᠡ ᠨᠢᠭᠡ ᠵᠠᠮ ︾ ᠤᠨ ᠬᠠᠮᠲᠤ ᠪᠠᠷ ᠪᠦᠳᠦᠭᠡᠨ ᠪᠠᠶᠢᠭᠤᠯᠬᠤ ᠶᠢ ᠬᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠲᠡᠶᠢᠰᠢ | ᠬᠦᠳᠦᠯᠦᠨ ᠵᠢᠯᠣᠭᠤᠳᠪᠠ ᠃ 11 ᠵᠢᠯ ᠤᠨ ᠲᠤᠷᠰᠢᠳᠠ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠡᠩᠬᠡ ᠲᠠᠶᠢᠪᠤᠩ | ᠬᠠᠮᠲᠤᠷᠠᠯᠴᠠᠭ᠎ᠠ ᠂ ᠨᠡᠭᠡᠭᠡᠯᠲᠡᠲᠦ ᠪᠠᠭᠲᠠᠭᠠᠮᠵᠢᠲᠠᠢ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠂ ᠬᠠᠷᠢᠯᠴᠠᠨ ᠠᠰᠢᠭᠲᠠᠢ ᠬᠠᠮᠲᠤ ᠪᠠᠷ ᠢᠯᠠᠬᠤ ᠲᠣᠷᠭᠠᠨ | ᠵᠠᠮ ᠤᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠬᠦᠷᠲᠡᠬᠦ ᠵᠠᠷᠴᠢᠮ ᠢ ᠢᠮᠠᠭᠲᠠ | ᠪᠠᠷᠢᠮᠲᠠᠯᠠᠵᠤ ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ ᠂ ᠬᠠᠮᠲᠤᠷᠠᠯᠴᠠᠭᠠᠨ ᠤ ᠬᠡᠪᠴᠢᠶ᠎ᠡ ᠪᠠᠨ ᠲᠠᠰᠤᠷᠠᠯᠲᠠ ᠦᠭᠡᠢ ᠶᠡᠬᠡᠰᠬᠡᠵᠦ ᠂ | ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠳᠡᠯᠡᠬᠡᠢ ᠨᠡᠶᠢᠲᠡ ᠶᠢ ᠤᠷᠢᠶᠠᠯᠠᠬᠤ ᠬᠦᠴᠦᠨ ᠂ ᠨᠥᠯᠥᠭᠡᠯᠡᠬᠦ ᠬᠦᠴᠦᠨ ᠂ | ᠨᠢᠭᠲᠠᠷᠠᠭᠤᠯᠬᠤ ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠬᠢᠵᠦ ᠡᠬᠢᠯᠡᠭᠰᠡᠨ ᠤ ᠲᠠᠷᠠᠭ᠎ᠠ | ᠳᠤᠷᠠᠳᠤᠭᠰᠠᠨ ᠠᠩᠬᠠᠳᠠᠭᠴᠢ ᠪᠦᠬᠦ ᠪᠥᠮᠪᠥᠷᠴᠡᠭ ᠤᠨ ᠴᠢᠨᠠᠷᠲᠠᠢ ᠂ ᠦᠷᠭᠡᠨ ᠬᠡᠪᠴᠢᠶᠡᠨ ᠤ ᠂ ᠪᠦᠬᠦ ᠲᠠᠯ᠎ᠠ ᠶᠢᠨ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ ᠨᠢᠭᠡᠨᠲᠡ ᠪᠦᠬᠦ | ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠂ ᠬᠦᠷᠢᠶ᠎ᠡ ᠪᠠᠷ ᠬᠠᠮᠤᠭ ᠤᠨ ᠥᠷᠭᠡᠨ ᠂ ᠨᠥᠯᠥᠭᠡ ᠪᠠᠷ ᠬᠠᠮᠤᠭ ᠤᠨ ᠭᠦᠨ ᠪᠠᠶᠢᠭ᠎ᠠ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠲᠠᠪᠴᠠᠩ ᠪᠤᠯᠵᠤ ᠂ ᠤᠯᠤᠰ ᠯᠤᠭ᠎ᠠ ᠶᠢᠨ ᠨᠥᠬᠦᠷᠯᠡᠯ ᠢ ᠵᠤᠵᠠᠭᠠᠳᠬᠠᠵᠤ ᠂ ᠤᠯᠤᠰ ᠯᠤᠭ᠎ᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠭᠠᠷᠭᠠᠪᠠ ᠃ | ᠠᠷᠪᠠᠨ ᠨᠢᠭᠡᠨ ᠵᠢᠯ ᠤᠨ ᠲᠤᠷᠰᠢᠳᠠ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠤᠨ ᠣᠨᠴᠠᠯᠢᠭ ᠲᠠᠢ | ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠣᠶ ᠪᠣᠯᠭᠠᠵᠤ ᠂ ᠥᠨᠳᠥᠷ ᠲᠦᠪᠰᠢᠨ | ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ ᠃ ᠪᠢᠳᠡ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠳᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ | ᠪᠠᠶᠢᠭᠤᠯᠬᠤ ᠶᠢ ᠠᠬᠢᠭᠤᠯᠵᠤ ᠂ ᠣᠯᠠᠩᠬᠢ ᠤᠯᠤᠰ ᠪᠠ ᠭᠠᠵᠠᠷ ᠣᠷᠣᠨ ᠯᠤᠭ᠎ᠠ ᠬᠤᠶᠠᠷ ᠲᠠᠯ᠎ᠠ ᠵᠢᠴᠢ ᠣᠷᠣᠨ ᠪᠦᠰᠡ ᠶᠢᠨ ᠴᠢᠨᠠᠷᠲᠠᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠪᠠ ᠃ 150 ᠭᠠᠷᠤᠢ ᠤᠯᠤᠰ ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ ᠂ ᠬᠠᠮᠲᠤᠷᠠᠯᠴᠠᠬᠤ ᠬᠠᠨᠢᠲᠠᠳ ᠤᠨ ᠬᠠᠷᠢᠯᠴᠠᠭᠠᠨ ᠤ ᠲᠣᠣᠷ ᠢᠶᠠᠨ | ᠲᠠᠰᠤᠷᠠᠯᠲᠠ ᠦᠭᠡᠢ ᠥᠷᠭᠡᠳᠭᠡᠪᠠ ᠃ ᠣᠷᠣᠨ ᠪᠦᠰᠡ ᠶᠢᠨ ᠨᠡᠭᠡᠭᠡᠯᠲᠡ ᠶᠢ ᠭᠦᠨᠵᠡᠭᠡᠶ ᠠᠬᠢᠭᠤᠯᠵᠤ ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ | ᠬᠦᠴᠦᠯᠡᠨ ᠰᠢᠯᠢᠳᠡᠭᠵᠢᠭᠦᠯᠵᠦ ᠂ ᠲᠡᠯᠡᠶ ᠳᠠᠭᠠᠤ ᠣᠷᠣᠨ ᠢᠶᠠᠷ ᠨᠡᠭᠡᠭᠡᠯᠲᠡ ᠬᠢᠬᠦ ᠬᠢᠭᠡᠳ ᠳᠣᠲᠣᠭᠠᠳᠤ ᠬᠠᠭᠤᠷᠠᠶ ᠶᠢᠨ ᠬᠢᠯᠢ ᠳᠠᠭᠠᠤ ᠨᠡᠭᠡᠭᠡᠯᠲᠡ ᠬᠢᠬᠦ ᠶᠢ ᠬᠠᠷᠢᠯᠴᠠᠨ | ᠠᠬᠢᠭᠤᠯᠵᠤ ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ ᠂ ᠳᠣᠲᠣᠭᠠᠳᠤ ᠬᠠᠭᠤᠷᠠᠶ ᠶᠢᠨ ᠪᠠ ᠳᠠᠯᠠᠢ ᠳᠠᠭᠠᠤ ᠶᠢᠨ ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠯᠪᠣᠭᠠᠯᠠᠨ ᠬᠥᠳᠡᠯᠦᠯᠴᠡᠭᠰᠡᠨ ᠂ ᠵᠡᠭᠦᠨᠰᠢ ᠪᠠᠷᠠᠭᠤᠨᠰᠢ ᠬᠤᠤᠰ ᠴᠢᠭᠯᠡᠯ ᠢᠶᠠᠷ ᠲᠤᠰᠠᠯᠠᠯᠴᠠᠭᠰᠠᠨ ᠪᠥᠬᠦ ᠲᠠᠯ᠎ᠠ ᠪᠠᠷ ᠨᠡᠭᠡᠭᠡᠯᠲᠡ ᠬᠢᠬᠦ ᠲᠥᠯᠥᠪ ᠪᠠᠶᠢᠳᠠᠯ ᠢ ᠪᠣᠶ | ᠪᠣᠯᠭᠠᠪᠠ ᠃ 30 ᠤᠯᠤᠰ ᠪᠠ ᠭᠠᠵᠠᠷ ᠣᠷᠣᠨ ᠯᠤᠭ᠎ᠠ ᠴᠢᠯᠥᠭᠡᠲᠦ ᠠᠷᠠᠯᠵᠢᠶᠠᠨ ᠤ 23 ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠪᠦᠬᠦ | ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠯᠠᠪᠳᠠᠭᠤᠨ ᠢᠶᠠᠷ ᠥᠷᠭᠡᠳᠬᠡᠬᠦ ᠬᠦᠷᠲᠡᠯ᠎ᠡ ᠂ | ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢᠨ ᠨᠠᠵᠠᠭᠠᠢ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠳᠤᠮᠳᠠᠳᠤ ᠤᠯᠤᠰ ᠯᠤᠭ᠎ᠠ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠠᠴᠠ | ᠪᠣᠭᠤᠮᠲᠠ ᠶᠢᠨ ᠭᠠᠶᠢᠯᠢ ᠬᠡᠯᠲᠦᠷᠢᠭᠦᠯᠬᠦ ᠬᠠᠷᠠᠭᠠᠯᠵᠠᠯ ᠣᠯᠭᠤᠬᠤ ᠬᠦᠷᠲᠡᠯ᠎ᠡ ᠁ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ | ᠳᠠᠮᠵᠢᠭᠤᠯᠤᠨ ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠡᠭᠦᠳᠡ ᠶᠠᠪᠤᠬᠤ ᠲᠤᠲᠤᠮ ᠶᠡᠬᠡᠰᠴᠦ ᠂ ᠨᠡᠭᠡᠭᠡᠯᠲᠡ ᠪᠠ ᠬᠥᠭᠵᠢᠯᠲᠡ ᠳᠤ ᠲᠠᠰᠤᠷᠠᠯᠲᠠ ᠦᠭᠡᠢ | ᠰᠢᠨ᠎ᠡ ᠣᠷᠣᠨ ᠵᠠᠢ ᠶᠢ ᠡᠭᠦᠳᠪᠡ ᠃ | | ᠺᠠᠮᠪᠤᠵᠠ ᠶᠢᠨ ᠺᠠᠮᠫᠣᠩ ᠰᠫᠧᠦ᠋ ᠮᠤᠵᠢ ᠳᠤ ᠰᠡᠭᠦᠳᠡᠷᠯᠡᠭᠰᠡᠨ ᠶᠢᠨ ᠭᠠᠩ ᠲᠦᠷᠭᠡᠨ ᠤ ᠵᠠᠰᠠᠮᠠᠯ ᠵᠠᠮ ᠃ ᠰᠢᠨᠬᠤᠸᠠ ᠬᠤᠷᠢᠶ᠎ᠠ ᠨᠡᠶᠢᠲᠡᠯᠡᠪᠡ ︵ ᠺᠠᠮᠪᠤᠵᠠ ᠶᠢᠨ ᠶᠢᠨ | ᠭᠠᠩ ᠲᠦᠷᠭᠡᠨ ᠤ ᠵᠠᠮ ᠤᠨ ᠬᠢᠵᠠᠭᠠᠷᠲᠤ ᠺᠣᠮᠫᠠᠨᠢ ᠶᠢᠨ ᠬᠠᠩᠭᠠᠭᠰᠠᠨ ᠵᠢᠷᠤᠭ ︶ | ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠡᠭᠦᠰᠦᠯ ᠲᠠᠢ ᠂ ᠬᠠᠷᠢᠨ ᠲᠡᠭᠦᠨ ᠤ ᠦᠷ᠎ᠡ ᠪᠦᠲᠦᠭᠡᠯ ᠪᠠ | ᠠᠵᠠ ᠲᠣᠬᠢᠶᠠᠯ ᠨᠢ ᠳᠡᠯᠡᠬᠡᠢ ᠨᠡᠶᠢᠲᠡ ᠶᠢᠨ ᠬᠢ ᠶᠤᠮ ᠂ 11 ᠵᠢᠯ ᠤᠨ ᠲᠤᠷᠰᠢᠳᠠ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ | ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠭᠡᠭᠡᠨ ᠰᠠᠷᠠᠭᠤᠯ ᠢᠷᠡᠭᠡᠳᠦᠢ ᠲᠠᠢ ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ ᠂ | ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭ᠎ᠠ ᠶᠢᠨ ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ ᠤᠷᠤᠭᠰᠢᠯᠠᠬᠤ ᠴᠢᠭᠯᠡᠯ ᠲᠡᠶᠢᠰᠢ ᠬᠥᠲᠥᠯᠥᠨ | ᠳᠠᠭᠠᠭᠤᠯᠵᠠᠢ ᠃ ᠪᠢᠳᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠭᠤᠣᠯ ᠰᠢᠵᠢᠮ ᠪᠣᠯᠭᠠᠨ ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ | ᠲᠦᠷᠦᠯ ᠵᠦᠢᠯ ᠬᠢᠭᠡᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ ᠵᠢᠵᠢᠭ ᠪᠣᠯᠪᠠᠴᠤ ᠭᠤᠶᠢᠳᠠ ︾ ᠲᠦᠷᠦᠯ ᠵᠦᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ | ᠳᠠᠰᠤᠷᠠᠯᠳᠠ ᠦᠭᠡᠢ ᠳᠡᠭᠡᠭᠰᠢᠯᠡᠭᠦᠯᠵᠦ ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠰᠠᠶᠢᠵᠢᠷᠠᠭᠤᠯᠬᠤ ᠳᠤ ᠴᠢᠬᠤᠯᠠ ᠬᠤᠪᠢ ᠨᠡᠮᠡᠷᠢ ᠭᠠᠷᠭᠠᠵᠠᠢ ᠃ ᠶᠠᠺᠠᠷᠲ᠋ᠠ — ᠪᠠᠨᠳᠤᠩ ᠲᠦᠷᠭᠡᠨ ᠤ ᠲᠡᠮᠦᠷ ᠵᠠᠮ ᠨᠢ ᠵᠡᠭᠦᠨ ᠡᠮᠦᠨᠡᠲᠦ ᠠᠽᠢᠶ᠎ᠠ ᠳᠤ ᠲᠦᠷᠭᠡᠨ ᠤ | ᠲᠡᠮᠦᠷ ᠵᠠᠮ ᠲᠠᠢ ᠪᠣᠯᠭᠠᠵᠤ ᠂ ᠳᠤᠮᠳᠠᠳᠤ ᠯᠠᠤᠰ ᠤᠨ ᠲᠡᠮᠦᠷ ᠵᠠᠮ ᠨᠢ ᠯᠠᠤᠰ ᠢ ︽ ᠡᠬᠡ ᠬᠠᠭᠤᠷᠠᠢ ᠶᠢᠨ ᠲᠦᠭᠵᠢᠮᠡᠯ ᠤᠯᠤᠰ ︾ ᠪᠠᠶᠢᠭᠰᠠᠨ ᠠᠴᠠ ᠨᠢ ︽ ᠡᠬᠡ | ᠬᠠᠭᠤᠷᠠᠢ ᠶᠢᠨ ᠬᠤᠯᠪᠣᠭᠠᠲᠤ ᠤᠯᠤᠰ ︾ ᠪᠣᠯᠬᠤ ᠳᠤ ᠬᠦᠴᠦᠨ ᠨᠡᠮᠡᠷᠢᠯᠡᠪᠡ ᠂ ᠴᠢᠶᠠᠨ ᠺᠠᠢ ᠭᠠᠷᠠᠮ ᠨᠢ ᠡᠮᠦᠨᠡᠲᠦ ᠠᠮᠧᠷᠢᠺᠠ ᠳᠠᠬᠢ ᠠᠩᠬᠠᠳᠠᠭᠴᠢ ᠣᠶᠤᠨᠲᠤ ᠭᠠᠷᠠᠮ | ᠪᠠ ᠪᠣᠬᠢᠷᠲᠤᠯ ᠦᠭᠡᠢ ᠭᠠᠷᠠᠮ ᠪᠣᠯᠪᠠ ᠂ ᠮᠤᠮᠪᠠᠰᠠ — ᠨᠠᠶᠢᠷᠤᠪᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ | ᠪᠠᠶᠢᠷᠢ ᠬᠠᠩᠭᠠᠵᠠᠢ ᠁ ᠡᠯ᠎ᠡ ᠤᠯᠤᠰ ᠲᠤ ᠪᠤᠶᠠᠨ ᠦᠢᠯᠡᠳᠬᠦ ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠡᠨᠡ ᠬᠦ ︽ ᠵᠣᠯ ᠵᠢᠷᠭᠠᠯ ᠤᠨ ᠵᠠᠮ ︾ ᠶᠠᠪᠤᠬᠤ | ᠳᠤᠳᠤᠮ ᠥᠷᠭᠡᠵᠢᠵᠦ ᠪᠠᠶᠢᠨ᠎ᠠ ᠃ ᠪᠢᠳᠡ ᠬᠡᠬᠦᠳᠡᠭ ᠴᠡᠭᠡᠵᠢᠨ ᠳᠤ ᠪᠠᠨ ᠳᠡᠯᠡᠬᠡᠢ ᠳ᠋ᠠᠬᠢᠨ ᠢ ᠪᠠᠭᠲᠠᠭᠠᠬᠤ ᠶᠢᠷᠲᠢᠨᠴᠦ ᠶᠢᠨ ᠦᠵᠡᠯᠲᠡ ᠶᠢ ᠪᠠᠷᠢᠮᠲᠠᠯᠠᠨ ᠂ ᠡᠷᠬᠡ ᠲᠡᠭᠰᠢ | ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠭᠰᠠᠨ ᠂ ᠲᠦᠭᠡᠮᠡᠯ ᠠᠰᠢᠭ ᠬᠦᠷᠲᠡᠭᠡᠭᠰᠡᠨ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠵᠤ ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠬᠦᠴᠦᠲᠡᠢ | ᠠᠬᠢᠭᠤᠯᠪᠠ ᠃ | ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠨ ᠤᠷᠤᠭᠰᠢᠯᠠᠬᠤ ᠶᠢᠨ ᠲᠥᠯᠥᠭᠡ ᠶᠤᠮ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠳᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠳᠡᠯᠡᠬᠡᠢ ᠳ᠋ᠠᠬᠢᠨ ᠯᠤᠭ᠎ᠠ ᠠᠵᠠ ᠲᠣᠬᠢᠶᠠᠯ ᠢ ᠬᠠᠮᠲᠤ ᠪᠠᠷ ᠬᠦᠷᠲᠡᠬᠦ ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ | ᠰᠠᠷᠠᠭᠤᠯ ᠳᠠᠷᠳᠠᠩ ᠵᠠᠮ ᠮᠥᠨ ᠂ ᠬᠠᠮᠲᠤ ᠪᠠᠷ ᠴᠡᠴᠡᠭᠯᠡᠨ ᠬᠥᠭᠵᠢᠬᠦ ᠠᠵᠠ ᠲᠣᠬᠢᠶᠠᠯ ᠤᠨ ᠵᠠᠮ ᠮᠥᠨ ᠂ ᠡᠯ᠎ᠡ ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ | ᠮᠥᠨ ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠴᠣᠭᠴᠠᠯᠠᠨ ᠂ ᠬᠥᠮᠥᠨ | ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠬᠤᠷᠠᠮᠳᠤᠭᠤᠯᠵᠤ ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ ᠃ | ᠡᠨᠡ ᠬᠦ ᠰᠠᠨᠠᠭᠠᠴᠢᠯᠠᠭ᠎ᠠ ᠨᠢ ᠴᠠᠭ ᠤᠨ ᠤᠷᠤᠰᠬᠠᠯ ᠢ ᠲᠠᠭᠠᠵᠦ ᠂ ᠠᠷᠠᠳ ᠤᠨ ᠰᠡᠳᠬᠢᠯ ᠢ ᠣᠯᠵᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠂ ᠳᠡᠯᠡᠬᠡᠢ | ᠳ᠋ᠠᠬᠢᠨ ᠳᠤ ᠠᠰᠢᠭᠲᠠᠢ ᠪᠠᠶᠢᠵᠤ ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠢᠷᠡᠭᠡᠳᠦᠢ ᠲᠠᠢ ᠶᠤᠮ ᠃ | ᠲᠡᠦᠬᠡ ᠶᠢᠨ ᠶᠡᠭᠡ ᠬᠠᠨᠳᠤᠰᠢ ᠶᠢ ᠠᠮᠵᠢᠨ ᠤᠷᠤᠭᠰᠢᠯᠠᠵᠤ ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠨ ᠠᠯᠤᠰ ᠢ ᠵᠣᠷᠢᠨᠠᠮ ᠃ ᠣᠳᠣᠬᠠᠨ ᠤ ᠳᠡᠯᠡᠬᠡᠢ | ᠳ᠋ᠠᠬᠢᠨ ᠳᠤ ᠦᠢᠮᠡᠭᠡᠨ ᠰᠠᠮᠠᠭᠤᠨ ᠰᠣᠯᠪᠢᠴᠠᠵᠤ ᠂ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠬᠥᠮᠥᠨ ᠲᠥᠷᠥᠯᠬᠢᠲᠡᠨ ᠤ | ᠨᠡᠶᠢᠭᠡᠮ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ ᠃ ︽ ᠴᠠᠭ ᠤᠨ ᠪᠠᠶᠢᠳᠠᠯ ᠪᠢᠳᠡᠨ ᠳᠤ ᠠᠰᠢᠭᠲᠠᠢ ︾ ᠪᠠᠶᠢᠯᠳᠤᠬᠤ | ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ ᠂ ︽ ᠭᠥᠭᠯᠡᠷᠡᠭᠰᠡᠨ ᠡᠭᠦᠯᠡᠰ ᠬᠤᠶᠢᠯᠠᠷᠠᠨ ᠥᠩᠭᠡᠷᠡᠪᠡᠴᠦ ᠲᠠᠶᠢᠪᠤᠭᠤ ᠬᠡᠪ ᠢᠶᠠᠷ ᠢᠶᠠᠨ ᠰᠡᠭᠦ᠋ᠢᠬᠦ ︾ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠴᠢᠨᠠᠷ ᠰᠠᠶᠢᠲᠠᠢ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠨ ᠡᠷᠡᠰ | ᠭᠤᠶᠢᠪᠢᠰᠢ ᠦᠭᠡᠢ ᠠᠬᠢᠭᠤᠯᠪᠠᠯ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠵᠦ ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠢ ᠪᠤᠢ ᠶᠠ ᠃ | | | | |