ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 2025 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠠᠯᠠ ᠮᠥᠩᠭᠦ ᠶᠢ ᠵᠣᠯᠭᠠᠭᠤᠯᠤᠨ ᠠᠬᠢᠭᠤᠯᠬᠤ ︵ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠡᠭᠦᠷᠭᠡ︶ 2.8 ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2024/12/6
     ᠲᠣᠰ ᠤᠳᠠᠭᠠᠨ ᠤ ᠪᠠᠯᠠ ᠮᠥᠩᠭᠦ ᠶᠢᠨ ᠲᠣᠬᠢᠷᠠᠭᠤᠯᠤᠯᠲᠠ ᠳᠤ ᠨᠡᠶᠢᠲᠡ 8 ᠠᠶᠢᠮᠠᠭ ᠬᠤᠲᠠ ᠂ 27 ᠬᠤᠰᠢᠭᠤ ᠰᠢᠶᠠᠨ ︵ ᠬᠤᠲᠠ ᠂ ᠲᠣᠭᠤᠷᠢᠭ ︶ ᠤ 166 ᠨᠡᠭᠦᠯᠭᠡᠨ ᠲᠥᠪᠬᠢᠨᠡᠭᠦᠯᠬᠦ ᠣᠷᠣᠨ ᠬᠤᠯᠪᠤᠭᠳᠠᠵᠤ ᠪᠤᠢ ᠃ 61 ᠲᠠᠭᠠᠯᠳᠠ ᠲᠥᠷᠥᠯ ᠵᠦᠢᠯ ᠳᠤ ᠪᠣᠳᠠᠲᠠᠶ ᠨᠠᠶᠢᠳᠠᠪᠤᠷᠢᠵᠢᠭᠤᠯᠵᠤ ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 3.1 ᠳ᠋ᠦᠩᠰᠢᠭᠤᠷ ᠲᠥᠭᠦᠷᠢᠭ ᠲᠤ ᠬᠦᠷᠴᠦ ᠂ ᠣᠷᠣᠨ ᠨᠤᠲᠤᠭ ᠤᠨ ᠪᠠᠯᠠ ᠣᠷᠣᠭᠤᠯᠤᠯᠲᠠ ᠶᠢ 0.3 ᠳ᠋ᠦᠩᠰᠢᠭᠤᠷ ᠲᠥᠭᠦᠷᠢᠭ ᠲᠠᠶᠢᠴᠢᠯᠠᠪᠠ ︔ ᠵᠢᠱᠢᠯᠲᠡ ᠪᠠᠷ ᠨᠡᠭᠦᠯᠭᠡᠨ ᠰᠢᠯᠵᠢᠭᠦᠯᠬᠦ ᠳᠤ ᠠᠰᠢᠭ ᠬᠦᠷᠳᠡᠬᠦ ᠣᠯᠠᠨ ᠲᠦᠮᠡᠨ 3.3 ᠲᠦᠮᠡᠨ ᠬᠦᠮᠦᠨ ᠪᠠᠶᠢᠵᠤ ᠂ ᠡᠭᠦᠨ ᠳᠤ ᠨᠡᠭᠦᠯᠭᠡᠨ ᠰᠢᠯᠵᠢᠭᠦᠯᠵᠦ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ 2.7 ᠲᠦᠮᠡᠨ ᠬᠥᠮᠦᠨ ᠪᠤᠢ ᠃ ︵ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︶  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ