| 2 ᠰᠠᠷ᠎ᠠ ᠶᠢᠨ 6 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ | ᠶᠠᠷᠢᠶ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ ᠂ ᠲᠦᠷᠪᠡᠨ ︽ ᠰᠤᠷᠤᠯᠴᠠᠯᠭ᠎ᠠ ︾ ᠶᠢᠨ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠨ ᠴᠢᠩᠭᠠᠳᠬᠠᠵᠤ ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠢ ᠠᠬᠢᠭᠤᠯᠵᠤ ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠪᠠᠷ | ᠴᠢᠷᠮᠠᠶᠢᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ 1 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ | ᠲᠥᠷᠥ ᠶᠢᠨ ᠵᠥᠪᠯᠡᠯᠭᠡᠨ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠣᠯᠣᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠭᠤᠣᠯᠳᠠᠯᠭ᠎ᠠ ᠪᠣᠯᠣᠨ ᠶᠡᠭᠡ ᠲᠠᠯ᠎ᠠ ᠶᠢᠨ ᠲᠣᠭᠤᠷᠢᠨ ᠳᠤ ᠠᠵᠢᠯ ᠶᠠᠪᠤᠳᠠᠯ ᠰᠦᠪᠡᠭᠴᠢᠯᠡᠨ ᠠᠵᠢᠯ ᠶᠠᠪᠤᠳᠠᠯ ᠬᠢᠵᠦ ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠡᠯ᠎ᠡ ᠰᠢᠰᠲ᠋ᠧᠮ ᠡᠯ᠎ᠡ ᠬᠦᠷᠢᠶᠡᠨ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ ᠃ | ᠡᠯ᠎ᠡ ᠱᠠᠲᠤᠨ ᠤ ᠬᠢᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ︾ ᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ ᠂ ᠨᠠᠷᠢᠯᠢᠭ ᠣᠨᠣᠪᠴᠢᠲᠠᠢ ᠪᠣᠯᠭᠠᠬᠤ ᠂ ᠪᠠᠶᠢᠩᠭᠤᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠡᠨ ᠲᠢᠶᠠᠨᠵᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠬᠤᠯᠪᠣᠭᠳᠠᠯ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠣᠨ ᠠᠭᠤᠳᠠᠮ ᠲᠠᠯᠠᠪᠠᠢ ᠶᠢ ᠰᠠᠶᠢᠲᠤᠷ ᠠᠰᠢᠭᠯᠠᠵᠤ ᠂ ︽ ᠤᠮᠠᠷᠠᠲᠤ | ᠬᠢᠯᠢ ᠶᠢᠨ ᠰᠣᠶᠣᠯ ︾ ᠢ ᠴᠣᠭᠴᠠᠯᠠᠬᠤ ᠲᠠᠢ ᠤᠶᠠᠯᠳᠤᠭᠤᠯᠵᠤ ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠢᠯᠡᠭᠦᠬᠡᠨ | ᠡᠷᠬᠢᠯᠡᠬᠦ ᠬᠡᠷᠡᠭᠲᠡᠢ ᠃ ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠴᠢᠩᠭᠠᠳᠬᠠᠵᠤ ᠂ ᠨᠠᠷᠢᠯᠢᠭ ᠣᠨᠣᠪᠴᠢᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ ᠂ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ | ᠡᠯ᠎ᠡ ᠱᠠᠲᠤᠨ ᠤ ᠬᠢᠨ ᠤᠯᠠᠨ ᠲᠦᠮᠡᠨ ᠤ ᠪᠠᠶᠠᠷ ᠬᠥᠷ ᠲᠠᠢ ᠠᠮᠤᠷ ᠠᠮᠤᠭᠤᠯᠠᠩ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢ ᠣᠳᠣᠬᠠᠨ ᠤ ᠠᠵᠢᠯ ᠤᠨ | ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ ᠂ ︽ ᠴᠠᠭ ᠢᠮᠠᠭᠲᠠ ᠰᠠᠨᠠᠭ᠎ᠠ ᠲᠠᠯᠪᠢᠬᠤ ᠦᠭᠡᠢ ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ ᠂ ᠠᠶᠤᠯᠭᠦᠢ | ᠦᠢᠯᠡᠳᠪᠦᠷᠢᠯᠡᠯ ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠂ ᠪᠠᠭᠤᠷᠠᠶᠢᠴᠤᠤᠯ ᠢ ᠠᠪᠤᠷᠠᠨ ᠲᠤᠰᠠᠯᠠᠵᠤ ᠬᠠᠶᠢᠷᠠᠯᠠᠨ | ᠬᠠᠯᠠᠮᠵᠢᠯᠠᠬᠤ ᠂ ᠬᠥᠯᠥᠰᠦᠨ ᠠᠵᠢᠯᠴᠢᠨ ᠤ ᠴᠠᠯᠢᠩ ᠢ ᠥᠭᠬᠦ ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠂ ᠵᠢᠭᠤᠯᠴᠢᠯᠠᠯ ᠤᠨ ᠦᠢᠯᠡᠴᠢᠯᠡᠭᠡ ᠂ ᠨᠡᠶᠢᠭᠡᠮ ᠤᠨ | ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠤᠯᠠᠨ ᠲᠦᠮᠡᠨ ᠤ ᠠᠮᠤᠷ ᠵᠢᠷᠭᠠᠯ ᠲᠠᠢ ᠰᠢᠨᠡᠯᠡᠬᠦ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠤᠬᠠᠭᠳᠠᠬᠤᠨ ᠂ ᠠᠭᠤᠯᠤᠭᠳᠠᠬᠤᠨ ᠂ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠤᠶᠢᠵᠢᠭᠤᠯᠵᠤ ᠂ ᠬᠥᠭᠵᠢᠯᠲᠡ ᠶᠢᠨ ᠠᠷᠭ᠎ᠠ ᠬᠡᠯᠪᠡᠷᠢ ᠶᠢᠨ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠠᠵᠤ ᠠᠬᠤᠢ ᠶᠢᠨ ᠪᠠᠶᠢᠭᠤᠯᠤᠮᠵᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ | ᠵᠠᠮ ᠢ ᠢᠳᠡᠪᠬᠢᠲᠡᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ︽ ᠦᠨᠡᠨ ︾ 2024 ᠣᠨ ᠤ 3 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠶ᠎ᠠ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠣᠷᠣᠯᠴᠠᠵᠤ ᠂ ᠦᠢᠯᠡᠳᠦᠯᠭᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ | ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠱᠤᠭᠤᠮ ᠢ ᠪᠠᠶᠢᠩᠭᠤ ᠶᠢᠨ ᠪᠥᠭᠡᠳ ᠤᠷᠲᠤ ᠬᠤᠭᠤᠴᠠᠭ᠎ᠠ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠂ ᠲᠡᠭᠦᠨ ᠢ ᠦᠯᠦ | ᠮᠡᠳᠡᠭᠳᠡᠮ᠎ᠡ ᠪᠠᠷ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠤᠨ ᠡᠯ᠎ᠡ ᠲᠠᠯ᠎ᠠ ᠳᠤ ᠠᠭᠤᠰᠬᠠᠨ ᠣᠷᠣᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢ ᠡᠯ᠎ᠡ ᠲᠠᠯ᠎ᠠ ᠶᠢᠨ ᠬᠢᠨ ᠤ ᠠᠵᠢᠯ ᠢᠶᠠᠨ ᠥᠷᠨᠢᠭᠦᠯᠬᠦ ᠶᠢᠨ ᠦᠨᠳᠦᠰᠦᠨ ᠤᠷᠢᠲᠠᠯ ᠂ ᠪᠦᠬᠦ | ᠨᠡᠶᠢᠭᠡᠮ ᠢᠶᠠᠷ ᠢᠶᠠᠨ ᠬᠠᠮᠲᠤ ᠪᠠᠷ ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠰᠣᠷᠣᠯᠴᠠᠵᠤ ᠪᠠᠶᠢᠭ᠎ᠠ ᠺᠧᠨᠢᠶᠠ ᠶᠢᠨ | ᠰᠣᠷᠣᠭᠴᠢ ᠵᠢᠴᠢ ᠰᠤᠷᠤᠯᠭ᠎ᠠ ᠶᠢᠨ ᠬᠠᠨᠢᠲᠠᠨ ᠤ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠥᠪᠥᠷ | ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠪᠠ ᠃ | ᠬᠤᠷᠠᠯ ᠠᠴᠠ ᠂ ᠪᠦᠬᠦ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ | ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠦᠬᠦ ᠤᠯᠤᠰ ᠤᠨ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠶᠡᠭᠡ ᠨᠢᠭᠡᠳᠦᠮᠡᠯ ᠹᠷᠣᠨᠲ ᠤᠨ | ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢᠲᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ ᠃ | ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠥᠰᠥᠯ ︾ ᠂ ︽ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2024 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ ︾ ᠂ ︽ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ | ᠬᠡᠷᠡᠭᠵᠢᠭᠦᠯᠬᠦ ᠲᠥᠰᠥᠯ ︾ ᠢ ᠬᠢᠨᠠᠨ ᠵᠥᠪᠯᠡᠵᠡᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | | |