ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠵᠡᠷᠭᠡ ᠵᠦᠢᠯᠡᠰ ᠢ ᠰᠤᠳᠤᠯᠪᠠ
ᠨᠡᠶᠢᠲᠡᠯᠡᠭᠰᠡᠨ ᠴᠠᠭ᠄
2024/2/18
    2 ᠰᠠᠷ᠎ᠠ ᠶᠢᠨ 5 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ ᠵᠢᠷᠭᠤᠭᠠᠨ ᠢᠨᠵᠧᠨᠧᠷᠢᠩ ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ ᠂ ᠲᠠᠪᠤᠨ ᠶᠡᠭᠡ ᠡᠭᠦᠷᠭᠡ ᠂ ︽ ᠵᠢᠷᠭᠤᠭᠠᠨ ᠢᠨᠵᠧᠨᠧᠷᠢᠩ ︾ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠵᠠᠰᠠᠭ ᠤᠨ ᠣᠷᠳᠣᠨ ᠤ ᠥᠷᠢ ᠥᠭᠴᠡᠭᠡ ᠂ ᠭᠡᠷ ᠭᠠᠵᠠᠷ ᠤᠨ ᠬᠥᠷᠥᠩᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠢᠯᠭᠠᠵᠤ ᠂ ︽ ᠮᠢᠨ᠎ᠡ ᠳᠡᠯᠪᠡᠷᠡᠬᠦ ︾ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ ᠬᠤᠶᠠᠷ ᠬᠤᠷᠠᠯ ︾ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ ᠵᠥᠪᠯᠡᠵᠦ ᠪᠠᠲᠤᠯᠠᠨ ᠂ 283 ᠵᠦᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠩᠬᠠᠷᠴᠤ ᠂ ᠣᠨᠴᠠᠭᠠᠶᠢᠯᠠᠨ ︽ ᠵᠢᠷᠭᠤᠭᠠᠨ ᠢᠨᠵᠧᠨᠧᠷᠢᠩ ︾ ᠢ ᠴᠢᠩᠭ᠎ᠠ ᠠᠩᠬᠠᠷᠴᠤ ᠂ ᠵᠦᠢᠯ ᠳᠠᠷᠠᠭᠠᠯᠠᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠂ ᠠᠵᠢᠯ ᠤᠨ ᠭᠤᠭᠴᠤᠭ᠎ᠠ ᠶᠢ ᠲᠣᠩᠭᠤᠷᠠᠭᠤ ᠵᠢᠭᠰᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠳᠡᠳ᠋ ᠲᠡᠷᠢᠭᠦᠯᠡᠭᠴᠢ ᠨᠠᠷ ᠪᠡᠶ᠎ᠡ ᠪᠠᠷ ᠢᠶᠠᠨ ᠣᠷᠣᠯᠴᠠᠵᠤ ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠠᠵᠢᠯ ᠢᠶᠠᠨ ᠱᠠᠯᠠᠪᠳᠠᠨ ᠡᠬᠢᠯᠡᠭᠦᠯᠵᠦ ᠂ ᠠᠵᠢᠯ ᠢᠶᠠᠨ ᠲᠦᠷᠭᠡᠳᠬᠡᠨ ᠂ ᠴᠠᠭ ᠲᠠᠭᠠᠨ ᠳᠠᠭᠤᠰᠬᠠᠬᠤ ᠬᠡᠷᠡᠭᠲᠡᠢ ︔ ᠡᠯ᠎ᠡ ᠲᠢᠩᠬᠢᠮ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠂ ᠬᠤᠶᠢᠰᠢᠯᠠᠭᠤᠯᠬᠤ ᠦᠭᠡᠢ ᠤᠳᠠᠭᠠᠰᠢᠷᠠᠭᠤᠯᠬᠤ ᠦᠭᠡᠢ ᠪᠠᠶᠢᠵᠤ ᠂ ᠨᠠᠷᠢᠨ ᠳᠠᠩᠰᠠ ᠶᠢᠨ ᠤᠬᠠᠮᠰᠠᠷ ᠢᠶᠠᠨ ᠴᠢᠩᠭᠠᠳᠬᠠᠵᠤ ᠂ ᠴᠠᠭ ᠲᠤᠬᠠᠢ ᠳᠤᠨᠢ ᠴᠢᠨᠠᠷ ᠢ ᠪᠠᠲᠤᠯᠠᠨ ᠳᠠᠩᠰᠠ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ ᠂ ᠡᠭᠦᠷᠭᠡ ᠪᠠᠨ ᠲᠣᠳᠣᠷᠬᠠᠶᠢᠯᠠᠵᠤ ᠂ ᠭᠦᠢᠴᠡᠳ ᠪᠡᠯᠡᠳᠬᠡᠯ ᠬᠢᠵᠦ ᠂ ᠬᠠᠪᠤᠷ ᠡᠬᠢᠯᠡᠮᠡᠭᠴᠡ ᠭᠠᠷᠳᠠᠨ ᠬᠢᠵᠦ ᠂ ︽ ᠠᠩᠬᠠᠨ ᠤ ᠳᠠᠶᠢᠯᠠᠯᠳᠤᠭᠠᠨ ︾ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ ᠂ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠵᠡᠷᠭᠡ 13 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠰᠠᠶᠢᠨ ᠳᠦᠷᠢᠮ ᠂ ᠲᠦᠷᠭᠡᠨ ᠦᠢᠯᠡᠴᠢᠯᠡᠭᠡ ᠶᠢᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠶ᠎ᠠ ᠶᠢᠨ ︽ ᠰᠢᠨ᠎ᠡ ᠡᠨᠧᠷᠭᠢ ᠶᠢ ᠴᠢᠩᠭ᠎ᠠ ᠠᠳᠬᠤᠨ ᠱᠠᠯᠠᠪᠳᠠᠨ ᠬᠢᠬᠦ ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ ᠨᠠᠮ ᠵᠠᠰᠠᠭ ᠤᠨ ᠶᠡᠭᠡ ᠬᠦᠷᠢᠶᠡᠨ ᠳᠤ ᠢᠨᠵᠧᠨᠧᠷᠢᠩ ᠤᠨ ᠣᠨ ᠦᠭᠡᠢ ︾ ᠭᠡᠬᠦ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ ᠂ ᠡᠯ᠎ᠡ ᠱᠠᠲᠤᠨ ᠤ ᠨᠠᠮ ᠵᠠᠰᠠᠭ ᠤᠨ ᠶᠡᠭᠡ ᠬᠦᠷᠢᠶᠡᠨ ᠤ ᠢᠨᠵᠧᠨᠧᠷᠢᠩ ᠤᠨ ᠲᠥᠷᠥᠯ ᠵᠦᠢᠯ ᠢ ᠴᠢᠩᠭ᠎ᠠ ᠬᠠᠮᠢᠶᠠᠷᠴᠤ ᠂ ᠪᠠᠭᠠᠰᠬᠠᠪᠠᠰᠤ ᠵᠣᠬᠢᠬᠤ ᠶᠢ ᠨᠢ ᠪᠥᠬᠦᠨ ᠢ ᠪᠠᠭᠠᠰᠬᠠᠵᠤ ᠂ ᠬᠠᠰᠤᠪᠠᠰᠤ ᠵᠣᠬᠢᠬᠤ ᠶᠢ ᠨᠢ ᠪᠥᠬᠦᠨ ᠢ ᠬᠠᠰᠤᠵᠤ ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ ᠂ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ ︔ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ