| 2 ᠳ᠋ᠤᠭᠠᠷ ᠰᠠᠷ᠎ᠠ ᠶᠢᠨ 4 ᠤ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠣ᠋ ᠬᠤᠷᠠᠯ ᠠᠴᠠ | ᠣᠶᠢᠯᠠᠭᠠᠭᠰᠠᠨ ᠢᠶᠠᠷ ᠂ 2024 ᠣᠨ ᠳᠤ ᠮᠠᠨ ᠤ ᠣᠷᠣᠨ 300 ᠲᠦᠮᠡᠨ ᠮᠦ ᠠᠴᠠ ᠳᠡᠭᠡᠭᠰᠢ ᠣᠶᠢᠵᠢᠭᠤᠯᠵᠤ ᠂ 1300 ᠲᠦᠮᠡᠨ ᠮᠦ ᠠᠴᠠ ᠳᠡᠭᠡᠭᠰᠢ ᠡᠪᠡᠰᠦ | ᠳᠠᠷᠢᠵᠤ ᠂ 1500 ᠲᠦᠮᠡᠨ ᠮᠦ ᠠᠴᠠ ᠳᠡᠭᠡᠭᠰᠢ ᠡᠯᠡᠰᠦᠷᠡᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠᠷ ᠲᠥᠯᠥᠪᠯᠡᠵᠦ ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠴᠢᠷᠮᠠᠶᠢᠵᠤ ᠪᠤᠢ ᠃ | ᠤᠮᠠᠷᠠᠲᠤ ᠶᠢᠨ ᠭᠤᠷᠪᠠᠨ ᠣᠷᠣᠨ ᠤ 13 ᠮᠤᠵᠢ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠣᠷᠣᠨ | ᠪᠣᠯᠤᠭᠰᠠᠨ ᠤ ᠬᠤᠪᠢ ᠳᠤ ᠂ 2024 ᠣᠨ ᠳᠤ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠰᠢᠪᠲᠤᠯᠤᠯᠲᠠ ᠶᠢ ᠦᠷᠭᠦᠯᠵᠢᠯᠡᠨ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠂ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠰᠢᠨ᠎ᠡ ᠡᠨᠧᠷᠭᠢ ᠪᠠᠷ 90 ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠶᠢ ᠴᠢᠨᠠᠷ ᠰᠠᠶᠢᠲᠠᠢ | ᠪᠡᠶᠡᠯᠡᠭᠦᠯᠬᠦ ᠪᠠᠷ ᠴᠢᠷᠮᠠᠶᠢᠨ᠎ᠠ ᠃ ᠣᠶ ᠰᠢᠭᠤᠢ ᠨᠤᠲᠤᠭ ᠪᠡᠯᠴᠢᠭᠡᠷ ᠤᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ ᠂ ᠣᠶ ᠰᠢᠭᠤᠢ ᠶᠢᠨ | ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠢᠨᠵᠧᠨᠧᠷᠢᠩ ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠂ | ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ ᠂ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ | ᠴᠡᠭ ᠤᠨ ᠪᠠᠶᠢᠭᠤᠯᠤᠯᠲᠠ ᠶᠢ ᠴᠢᠩᠭᠠᠳᠬᠠᠵᠤ ᠂ ᠪᠥᠬᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠤᠶᠢᠵᠢᠭᠤᠯᠬᠤ ᠂ 573 ᠲᠦᠮᠡᠨ ᠮᠦ | ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ ᠂ | 255.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ ᠃ | ᠡᠭᠦᠨ ᠤ ᠬᠠᠮᠲᠤ ᠪᠠᠰᠠ ᠲᠦᠯᠦᠪᠯᠡᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠨ ᠂ ᠣᠷᠣᠨ ᠨᠤᠲᠤᠭ ᠤᠨ | ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠵᠤ ᠂ ᠠᠵᠤ ᠠᠬᠤᠶᠢᠯᠠᠯ ᠤᠳ ᠥᠷᠭᠡᠨ ᠢᠶᠠᠷ ᠣᠷᠣᠯᠴᠠᠭᠰᠠᠨ ︽ 1+N ︾ ᠣᠯᠠᠨ ᠡᠰᠢᠲᠦ ᠣᠷᠣᠭᠤᠯᠤᠯᠲᠠ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ | ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ ᠂ ᠨᠠᠩ ᠣᠯᠠᠨ ᠮᠠᠯᠴᠢᠳ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠡᠬᠦ ᠶᠢ ᠰᠡᠷᠭᠡᠶᠢᠯᠡᠨ | ᠡᠯᠡᠰᠦ ᠶᠢ ᠵᠠᠰᠠᠬᠤ ᠳᠤ ᠰᠢᠭᠤᠳ ᠣᠷᠣᠯᠴᠠᠭᠤᠯᠵᠤ ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠲᠣᠭᠲᠠᠭᠰᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ ᠂ ᠬᠠᠮᠵᠢᠯᠴᠠᠨ ᠡᠯᠡᠰᠦ ᠶᠢ ᠵᠠᠰᠠᠬᠤ ᠂ ᠡᠯᠡᠰᠦ ᠶᠢ ᠬᠠᠮᠢᠶᠠᠷᠬᠤ ᠂ | ᠡᠯᠡᠰᠦ ᠶᠢ ᠬᠡᠷᠡᠭᠯᠡᠬᠦ ᠠᠵᠢᠯ ᠤᠨ ᠵᠠᠭᠪᠤᠷ ᠢ ᠪᠠᠶᠢᠭᠤᠯᠤᠨ᠎ᠠ ᠃ | | |