| 2 ᠳ᠋ᠤᠭᠠᠷ ᠰᠠᠷ᠎ᠠ ᠶᠢᠨ 4 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ ᠃ | ᠬᠤᠸᠠᠩ ᡁᠢ ᠴᠢᠶᠠᠩ ᠬᠡᠯᠡᠬᠦ ᠳᠤ ᠪᠠᠨ ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ | ᠲᠠᠯᠠᠪᠠᠶ ᠶᠢᠨ ᠳᠠᠩᠰᠠᠯᠠᠯᠲᠠ ᠶᠢᠨ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠂ ᠣᠶᠢᠷ᠎ᠠ ᠶᠢᠨ ᠬᠡᠳᠦᠨ ᠵᠢᠯ ᠳᠤ | ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠨᠤᠭᠤᠳ ᠣᠭᠵᠤᠮ ᠨᠡᠮᠡᠭᠳᠡᠵᠦ ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠡᠭᠡ | ᠪᠥᠭᠡᠳ ᠥᠷᠭᠡᠨ ᠪᠣᠯᠵᠠᠢ ᠂ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠢ ᠰᠠᠶᠢᠨ ᠬᠢᠭᠰᠡᠨ ᠡᠰᠡᠬᠦ ᠨᠢ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠯᠵᠤ ᠠᠯᠳᠠᠬᠤ ᠲᠠᠢ ᠰᠢᠭᠤᠳ ᠬᠤᠯᠪᠤᠭᠳᠠᠨ᠎ᠠ ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠬᠠᠢ ᠶᠢᠨ | ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠶᠠᠰᠤ ᠴᠢᠨᠠᠷ ᠢ ᠡᠵᠡᠮᠳᠡᠬᠦ ᠬᠠᠷᠢᠭᠤᠴᠠᠯᠭ᠎ᠠ ᠶᠢ | ᠭᠤᠭᠴᠤᠭ᠎ᠠ ᠨᠢᠭᠡ ᠪᠦᠷᠢ ᠳᠤ ᠬᠦᠷᠲᠡᠯ᠎ᠡ ᠪᠣᠳᠠᠲᠠᠶᠢᠵᠢᠭᠤᠯᠵᠤ ᠂ ᠴᠡᠭ ᠨᠢᠭᠡ ᠪᠦᠷᠢ ᠶᠢ ᠨᠢᠭᠲᠠ ᠠᠩᠬᠠᠷᠴᠤ ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠦᠨᠡᠨ ᠪᠣᠳᠠᠲᠠᠢ ᠣᠨᠣᠪᠴᠢᠲᠠᠶ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠤᠬᠠᠭᠤᠯᠭ᠎ᠠ ᠶᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ | ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠣᠯᠭᠠᠨ ᠂ ᠡᠵᠡᠩᠨᠡᠯᠲᠡ ᠶᠢᠨ ᠭᠤᠣᠯ ᠴᠣᠭᠴᠠ ᠨᠤᠭᠤᠳ ᠤᠨ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ ᠂ ᠳᠡᠮᠵᠢᠬᠦ ᠪᠠ ᠬᠠᠮᠵᠢᠯᠴᠠᠬᠤ ᠬᠡᠮᠵᠢᠶ᠎ᠡ ᠶᠢ ᠴᠢᠨᠠᠭᠰᠢᠳᠠ ᠤᠯᠠᠮ | ᠳᠡᠭᠡᠭᠰᠢᠯᠡᠭᠦᠯᠵᠦ ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠰᠠᠶᠢᠲᠤᠷ ᠪᠣᠶ ᠪᠣᠯᠭᠠᠬᠤ ᠬᠡᠷᠡᠭᠲᠡᠢ ᠭᠡᠪᠡ ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠤᠯᠠᠭᠠᠨᠬᠠᠳᠠ | ᠬᠤᠳᠠ ᠂ ᠣᠷᠳᠣᠰ ᠬᠤᠳᠠ ᠬᠤᠷᠠᠯ ᠳᠡᠭᠡᠷ᠎ᠡ ᠭᠤᠣᠯᠳᠠᠯᠭ᠎ᠠ ᠲᠠᠢ ᠶᠠᠷᠢᠶ᠎ᠠ ᠲᠠᠯᠪᠢᠵᠠᠢ ᠃ | |