| ᠰᠤᠷᠤᠬᠴᠢᠳ ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠬᠤ ᠨᠢ ᠶᠡᠭᠡ ᠰᠠᠶᠢᠨ ᠂ ᠶᠡᠭᠡ ᠴᠢᠬᠤᠯᠠ ᠭᠡᠳᠡᠭ ᠢ ᠬᠥᠮᠥᠰ ᠪᠦᠷ ᠮᠡᠳᠡᠳᠡᠭ ᠃ ᠭᠡᠪᠡᠴᠦ ᠦᠨᠡᠨ | ᠬᠦ ᠤᠩᠰᠢᠪᠠᠯ ᠰᠤᠷᠤᠬᠴᠢᠳ ᠤᠨ ᠬᠢᠴᠢᠶᠡᠯ ᠰᠤᠷᠤᠯᠭ᠎ᠠ ᠂ ᠤᠨᠲᠠᠵᠤ ᠠᠮᠠᠷᠠᠬᠤ ᠶᠢ ᠨᠥᠯᠥᠭᠡᠯᠡᠨ᠎ᠡ ᠭᠡᠵᠦ ᠪᠤᠳᠤᠳᠠᠭ ᠬᠥᠮᠥᠰ ᠴᠤ ᠴᠥᠭᠡᠨ ᠪᠤᠰᠤ ᠪᠠᠶᠢᠳᠠᠭ ᠃ | ᠲᠡᠭᠡᠪᠡᠯ ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠬᠤ ᠨᠢ ᠦᠨᠡᠨ ᠬᠦ ᠠᠰᠢᠭᠲᠠᠢ ᠤᠤ ᠂ ᠶᠠᠭᠠᠬᠢᠵᠤ ᠤᠩᠰᠢᠪᠠᠯ ᠵᠣᠬᠢᠬᠤ ᠪᠤᠢ ︖ ᠶᠠᠭᠤᠨ ᠤ ᠤᠷᠢᠳ ᠂ | ᠵᠥᠪ ᠲᠠᠨᠢᠯᠲᠠ ᠲᠠᠢ ᠪᠠᠶᠢᠬᠤ ᠨᠢ ᠴᠢᠬᠤᠯᠠ ᠃ ᠬᠢᠴᠢᠶᠡᠯ ᠤᠨ ᠭᠠᠳᠠᠭᠤᠷᠬᠢ ᠰᠤᠯᠠ ᠨᠣᠮ ᠢ ᠤᠯᠠᠨ ᠤᠩᠰᠢᠵᠤ ᠂ ᠰᠠᠶᠢᠨ ᠤᠩᠰᠢᠬᠤ ᠨᠢ ᠬᠢᠴᠢᠶᠡᠯ ᠰᠤᠷᠤᠯᠭ᠎ᠠ ᠂ | ᠤᠨᠲᠠᠵᠤ ᠠᠮᠠᠷᠠᠬᠤ ᠶᠢ ᠨᠥᠯᠥᠭᠡᠯᠡᠬᠦ ᠦᠭᠡᠢ ᠮᠥᠷᠲᠡᠭᠡᠨ ᠲᠤᠰᠠ ᠪᠣᠯᠣᠨ᠎ᠠ ᠃ ᠪᠣᠳᠠᠲᠠᠢ ᠶᠠᠷᠢᠪᠠᠯ ᠬᠢᠴᠢᠶᠡᠯ ᠤᠨ ᠭᠠᠳᠠᠭᠤᠷᠬᠢ ᠨᠣᠮ ᠤᠩᠰᠢᠬᠤ ᠨᠢ ᠮᠡᠳᠡᠯᠭᠡ ᠶᠢᠨ | ᠬᠦᠷᠢᠶ᠎ᠡ ᠬᠡᠪᠴᠢᠶ᠎ᠡ ᠶᠢ ᠲᠠᠯᠠᠵᠦ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢᠶᠠᠨ ᠤᠯᠠᠮ ᠯᠠᠪᠰᠢᠷᠠᠭᠤᠯᠤᠨ ᠭᠦᠨᠵᠡᠭᠡᠢ ᠣᠶᠢᠯᠠᠭᠠᠬᠤ ᠳᠤ ᠲᠤᠰᠠ | ᠲᠠᠮ ᠪᠣᠯᠣᠨ᠎ᠠ ᠃ ᠵᠢᠱᠢᠶᠡᠯᠡᠪᠡᠯ ᠠᠭᠤᠷ ᠤᠨ ᠮᠠᠰᠢᠨ ᠢ ᠡᠭᠦᠳᠦᠭᠴᠢ ᠸᠠᠲ ᠤᠨ ᠨᠠᠮᠲᠠᠷ ᠢ ᠲᠡᠮᠳᠡᠭᠯᠡᠭᠰᠡᠨ ︽ ᠸᠠᠲ ︾ ᠭᠡᠰᠡᠨ ᠨᠢᠮᠭᠡᠬᠡᠨ ᠨᠣᠮ ᠢ ᠤᠩᠰᠢᠵᠤ | ᠥᠩᠭᠡᠷᠡᠭᠰᠡᠨ ᠪᠣᠯ ᠂ ᠲᠡᠦᠬᠡ ᠶᠢᠨ ᠬᠢᠴᠢᠶᠡᠯ ᠳᠡᠭᠡᠷ᠎ᠡ ᠬᠤᠶᠠᠳᠤᠭᠠᠷ ᠤᠳᠠᠭᠠᠨ ᠤ ᠠᠵᠤ ᠦᠢᠯᠡᠳᠪᠦᠷᠢ ᠶᠢᠨ ᠬᠤᠪᠢᠰᠬᠠᠯ ᠤᠨ ᠲᠤᠬᠠᠢ ᠰᠤᠷᠬᠤ ᠦᠶᠡᠰ ᠲᠤᠬᠠᠢ ᠶᠢᠨ | ᠦᠶ᠎ᠡ ᠶᠢᠨ ᠲᠡᠦᠬᠡᠨ ᠠᠬᠤᠢ ᠂ ᠪᠣᠳᠠᠲᠠᠢ ᠪᠠᠶᠢᠳᠠᠯ ᠂ ᠠᠴᠢ ᠬᠤᠯᠪᠣᠭᠳᠠᠯ ᠤᠨ ᠲᠤᠬᠠᠢ ᠰᠠᠭᠤᠷᠢ ᠮᠡᠳᠡᠯᠭᠡ ᠲᠠᠢ ᠪᠣᠯᠵᠤ ᠨᠠᠩ ᠭᠦᠨᠵᠡᠭᠡᠢ ᠰᠠᠶᠢᠨ ᠣᠶᠢᠯᠠᠭᠠᠵᠤ | ᠴᠢᠳᠠᠬᠤ ᠨᠢ ᠯᠠᠪᠲᠠᠢ ᠃ | ᠬᠢᠴᠢᠶᠡᠯ ᠤᠨ ᠭᠠᠳᠠᠭᠤᠷᠬᠢ ᠨᠣᠮ ᠤᠩᠰᠢᠬᠤ ᠨᠢ ᠪᠠᠰᠠ ᠬᠡᠦᠬᠡᠳ ᠤᠨ ᠤᠩᠰᠢᠵᠤ ᠣᠶᠢᠯᠠᠭᠠᠬᠤ ᠴᠢᠳᠠᠪᠤᠷᠢ ᠶᠢ ᠲᠡᠭᠡᠭᠰᠢᠯᠡᠭᠦᠯᠵᠦ ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠦᠷᠦᠯ ᠤᠨ ᠬᠢᠴᠢᠶᠡᠯ ᠢᠶᠠᠨ ᠰᠠᠶᠢᠨ ᠰᠤᠷᠬᠤ ᠳᠤ ᠲᠤᠰᠠ ᠪᠣᠯᠣᠨ᠎ᠠ ᠂ ᠦᠭᠡᠰ ᠤᠨ ᠰᠠᠩ ᠨᠢ ᠪᠠᠶᠠᠯᠢᠭᠵᠢᠵᠤ ᠂ ᠰᠡᠳᠬᠢᠴᠡ ᠨᠡᠭᠡᠭᠡᠭᠳᠡᠵᠦ ᠵᠣᠬᠢᠶᠠᠨ | ᠪᠢᠴᠢᠬᠦ ᠴᠢᠳᠠᠪᠤᠷᠢ ᠨᠢ ᠳᠡᠭᠡᠭᠰᠢᠯᠡᠨ᠎ᠡ ᠃ ᠤᠳᠤ ᠶᠢᠨ ᠭᠡᠯᠡ ᠪᠢᠴᠢᠭ ᠤᠨ ᠠᠯᠢ ᠴᠤ ᠰᠢᠯᠭᠠᠯᠲᠠ ᠳᠤ ᠵᠣᠬᠢᠶᠠᠯ ᠪᠢᠴᠢᠭᠦᠯᠳᠡᠭ ᠪᠥᠭᠡᠳ ᠨᠡᠯᠢᠶᠡᠳ ᠥᠨᠳᠥᠷ ᠬᠤᠪᠢ ᠶᠢ | ᠡᠵᠡᠯᠡᠵᠦ ᠪᠠᠶᠢᠳᠠᠭ ᠃ ᠳᠠᠷᠠᠭᠠᠯᠠᠪᠠᠯ ᠂ ᠠᠷᠭ᠎ᠠ ᠪᠠᠷᠢᠯ ᠢ ᠠᠩᠬᠠᠷᠬᠤ ᠨᠢ ᠴᠢᠬᠤᠯᠠ ᠃ ᠵᠠᠷᠢᠮ ᠭᠡᠷ ᠤᠨ ᠠᠬᠠᠮᠠᠳ ᠪᠠᠭ᠎ᠠ ᠰᠤᠷᠭᠠᠭᠤᠯᠢ ᠶᠢᠨ ᠬᠡᠦᠬᠡᠳ ᠢ ᠶᠠᠭ ᠦᠰᠤᠨ | ᠪᠤᠶᠢᠵᠢᠬᠤ ᠱᠠᠲᠤᠨ ᠳᠠᠭᠠᠨ ᠪᠤᠢ ᠂ ᠴᠠᠭ ᠭᠠᠷᠪᠠᠯ ᠢᠯᠡᠭᠦᠬᠡᠨ ᠤᠨᠲᠠᠵᠤ ᠠᠮᠠᠷᠠᠭ ᠭᠡᠳ ᠰᠤᠯᠠ ᠨᠣᠮ ᠤᠩᠰᠢᠭᠤᠯᠳᠠᠭ ᠦᠭᠡᠢ ; ᠠᠩᠬ᠎ᠠ ᠲᠤᠮᠳᠠᠳᠤ ᠶᠢᠨ ᠬᠡᠦᠬᠡᠳ | ᠪᠣᠯᠣᠨ ᠳᠡᠭᠡᠳᠦ ᠲᠤᠮᠳᠠᠳᠤ ᠶᠢᠨ ᠰᠤᠷᠤᠬᠴᠢ ᠶᠢ ᠪᠠᠰᠠ ᠳᠡᠭᠡᠳᠦ ᠲᠤᠮᠳᠠᠳᠤ ᠳᠤ ᠳᠡᠪᠰᠢᠬᠦ ᠤᠤ ᠂ ᠠᠵᠢᠯ ᠮᠡᠷᠭᠡᠵᠢᠯ ᠤᠨ ᠰᠤᠷᠭᠠᠭᠤᠯᠢ ᠳᠤ ᠬᠤᠪᠢᠶᠠᠭᠳᠠᠬᠤ ᠤᠤ | ᠭᠡᠰᠡᠨ ᠵᠠᠩᠭᠢᠯᠠᠭ᠎ᠠ ᠶᠢᠨ ᠮᠥᠴᠡ ᠳᠤ ᠪᠤᠢ ᠭᠡᠬᠦ ᠪᠤᠶᠤ ᠶᠡᠭᠡ ᠳᠡᠭᠡᠳᠦ ᠰᠤᠷᠭᠠᠭᠤᠯᠢ ᠳᠤ ᠣᠷᠣᠬᠤ ᠨᠢ ᠴᠢᠬᠤᠯᠠ ᠂ ᠶᠡᠭᠡ ᠳᠡᠭᠡᠳᠦ ᠰᠤᠷᠭᠠᠭᠤᠯᠢ ᠳᠠᠭᠠᠨ ᠰᠢᠯᠭᠠᠵᠤ | ᠣᠷᠣᠭᠰᠠᠨ ᠤ ᠲᠠᠷᠠᠭ᠎ᠠ ᠶᠠᠮᠠᠷ ᠨᠣᠮ ᠤᠩᠰᠢᠬᠤ ᠳᠤᠷ᠎ᠠ ᠲᠠᠢ ᠪᠣᠯ ᠲᠡᠭᠦᠨ ᠢᠶᠠᠨ ᠤᠩᠰᠢ ᠂ ᠤᠳᠤ ᠬᠢᠴᠢᠶᠡᠯ ᠤᠨ ᠨᠣᠮ ᠢᠶᠠᠨ ᠯᠡ ᠰᠠᠶᠢᠨ ᠦᠵᠡᠵᠦ ᠰᠠᠶᠢᠨ | ᠰᠢᠯᠭᠠᠭᠤᠯᠬᠤ ᠶᠢ ᠪᠤᠳᠤ ᠭᠡᠳ ᠰᠤᠯᠠ ᠨᠣᠮ ᠤᠩᠰᠢᠭᠤᠯᠳᠠᠭ ᠦᠭᠡᠢ ᠃ ᠡᠨᠡ ᠪᠣᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠲᠤᠯᠭᠠᠷᠠᠵᠤ ᠪᠠᠶᠢᠭ᠎ᠠ | ᠶᠠᠭᠠᠬᠢᠬᠤ ᠶᠢᠨ ᠠᠷᠭ᠎ᠠ ᠦᠭᠡᠢ ᠪᠣᠳᠠᠲᠠᠢ ᠠᠰᠠᠭᠤᠳᠠᠯ ᠮᠥᠨ ᠂ ᠭᠡᠪᠡᠴᠦ ᠠᠷᠭ᠎ᠠ ᠪᠠᠷᠢᠯ ᠢᠶᠠᠨ ᠠᠩᠬᠠᠷᠪᠠᠯ ᠡᠨᠡ ᠵᠥᠷᠢᠴᠡᠯ ᠢ ᠰᠢᠢᠳᠪᠦᠷᠢᠯᠡᠵᠦ ᠪᠣᠯᠣᠨ᠎ᠠ ᠃ | ᠡᠭᠦᠨ ᠳᠤ ᠂ ᠨᠢᠭᠡᠳᠦᠭᠡᠷ ᠲᠤ ᠂ ᠴᠠᠭ ᠤᠨ ᠲᠠᠯ᠎ᠠ ᠪᠠᠷ ᠠᠩᠬᠠᠷᠤᠨ᠎ᠠ ᠃ ᠡᠩ ᠤᠨ ᠦᠶ᠎ᠡ ᠳᠤ ᠡᠳᠦᠷ ᠪᠦᠷᠢ 10 — 20 ᠮᠢᠨᠦ᠋ᠲ ᠨᠣᠮ ᠤᠩᠰᠢᠭᠤᠯᠪᠠᠯ | ᠬᠠᠩᠭᠠᠯᠲᠠ ᠲᠠᠢ ᠭᠦᠢᠴᠡᠨ᠎ᠡ ᠃ ᠣᠷᠣᠢ ᠶᠢᠨ ᠳᠠᠪᠲᠠᠯᠭ᠎ᠠ ᠪᠤᠶᠤ ᠦᠳᠡ ᠂ ᠡᠰᠡᠪᠡᠯ ᠣᠷᠣᠢ ᠤᠨᠲᠠᠬᠤ ᠠᠴᠠ ᠡᠮᠦᠨ᠎ᠡ ᠤᠩᠰᠢᠵᠤ ᠪᠣᠯᠣᠨ᠎ᠠ ᠂ ᠡᠭᠦᠨ ᠳᠤ ᠴᠠᠭ ᠨᠢ | ᠲᠤᠯᠪᠠᠯ ᠨᠣᠮ ᠢᠶᠠᠨ ᠬᠠᠮᠬᠢᠵᠤ ᠬᠤᠷᠢᠶᠠᠬᠤ ᠬᠡᠷᠡᠭᠲᠡᠢ ᠂ ᠴᠠᠭ ᠠᠴᠠ ᠪᠠᠨ ᠬᠡᠲᠦᠷᠡᠵᠦ ᠦᠵᠡᠬᠦ ᠶᠤᠮ ᠪᠣᠯ ᠤᠨᠲᠠᠵᠤ ᠠᠮᠠᠷᠠᠬᠤ ᠪᠤᠶᠤ ᠪᠤᠰᠤᠳ ᠬᠢᠬᠦ ᠵᠦᠢᠯ ᠢᠶᠠᠨ | ᠨᠥᠯᠥᠭᠡᠯᠡᠬᠦ ᠪᠣᠯᠣᠨ᠎ᠠ ᠃ ᠡᠶᠢᠮᠦ ᠠᠴᠠ ᠴᠠᠭ ᠢᠶᠠᠨ ᠪᠠᠷᠢᠮᠲᠠᠯᠠᠬᠤ ᠨᠢ ᠮᠠᠰᠢ ᠴᠢᠬᠤᠯᠠ ᠃ ᠬᠤᠶᠠᠳᠤᠭᠠᠷ ᠲᠤ ᠂ ᠤᠩᠰᠢᠬᠤ ᠠᠷᠭ᠎ᠠ ᠪᠠᠷᠢᠯ ᠤᠨ ᠲᠠᠯ᠎ᠠ ᠪᠠᠷ ᠠᠩᠬᠠᠷᠤᠨ᠎ᠠ ᠃ | ᠵᠠᠪᠠᠯ ᠦᠰᠦᠭ ᠳᠠᠷᠠᠭᠠᠯᠠᠨ ᠤᠩᠰᠢᠬᠤ ᠪᠢᠰᠢ ᠂ ᠢᠳᠡᠭ ᠢᠳᠡᠭ ᠢᠶᠠᠷ ᠭᠡᠳᠦ ᠬᠡᠳᠦᠨ ᠮᠥᠷ ᠢᠶᠠᠷ ᠨᠢᠳᠦ ᠭᠦᠶᠦᠯᠭᠡᠨ ᠤᠩᠰᠢᠵᠤ ᠰᠤᠷᠬᠤ ᠂ ᠲᠡᠷᠡᠴᠢᠯᠡᠨ ᠰᠢᠷᠪᠢᠨ | ᠤᠩᠰᠢᠵᠤ ᠬᠠᠭᠤᠳᠠᠰᠤ ᠬᠠᠭᠤᠳᠠᠰᠤ ᠪᠠᠷ ᠤᠷᠪᠠᠭᠤᠯᠵᠤ ᠭᠤᠣᠯᠳᠠᠯᠭ᠎ᠠ ᠲᠠᠢ ᠬᠡᠷᠡᠭ ᠲᠠᠢ ᠭᠡᠵᠦ ᠦᠵᠡᠭᠰᠡᠨ ᠬᠡᠰᠡᠭ ᠢᠶᠠᠨ ᠨᠠᠷᠢᠯᠢᠭ ᠤᠩᠰᠢᠬᠤ ᠂ ᠡᠰᠡᠬᠦᠯ᠎ᠡ ᠵᠠᠷᠢᠮ | ᠨᠣᠮ ᠢ ᠵᠦᠪᠭᠡᠨ ᠳᠣᠲᠣᠷᠠᠬᠢ ᠭᠠᠷᠴᠠᠭ ᠂ ᠮᠥᠷ ᠪᠠᠳᠠᠭ ᠤᠨ ᠡᠬᠢᠨ ᠤ ᠥᠭᠦᠯᠡᠪᠦᠷᠢ ᠶᠢ ᠨᠢ ᠯᠠ ᠤᠩᠰᠢᠬᠤ ᠂ ᠵᠠᠷᠢᠮ ᠨᠣᠮ ᠢ ᠬᠤᠶᠢᠨ᠎ᠠ ᠠᠴᠠ ᠨᠢ ᠤᠩᠰᠢᠬᠤ ᠭᠡᠬᠦ | ᠮᠡᠲᠦ ᠤᠯᠠᠨ ᠵᠦᠢᠯ ᠤᠨ ᠨᠣᠮ ᠤᠩᠰᠢᠬᠤ ᠠᠷᠭ᠎ᠠ ᠶᠢ ᠡᠵᠡᠮᠰᠢᠬᠦ ᠴᠢᠬᠤᠯᠠᠲᠠᠢ ᠃ ᠭᠤᠷᠪᠠᠳᠤᠭᠠᠷ ᠲᠤ ᠂ ᠰᠣᠩᠭᠤᠯᠲᠠ ᠲᠠᠢ ᠤᠩᠰᠢᠨ᠎ᠠ ᠃ ᠲᠤᠮᠳᠠᠳᠤ ᠪᠠᠭ᠎ᠠ | ᠰᠤᠷᠭᠠᠭᠤᠯᠢ ᠶᠢᠨ ᠬᠤᠭᠤᠴᠠᠭᠠᠨ ᠳᠤ ᠴᠠᠭ ᠮᠠᠰᠢ ᠡᠷᠬᠢᠮ ᠨᠠᠨᠳᠢᠨ ᠪᠣᠯᠬᠤᠷ ᠤᠩᠰᠢᠬᠤ ᠨᠣᠮ ᠢᠶᠠᠨ ᠡᠷᠬᠡᠪᠰᠢ ᠰᠠᠶᠢᠲᠤᠷ ᠰᠣᠩᠭᠤᠬᠤ ᠬᠡᠷᠡᠭᠲᠡᠢ ᠃ ᠳᠥᠷᠪᠡᠳᠦᠭᠡᠷ ᠲᠤ ᠂ | ᠡᠳᠦᠷ ᠪᠦᠷᠢ ᠪᠠᠷᠢᠮᠲᠠᠯᠠᠨ᠎ᠠ ᠃ ᠡᠩ ᠤᠨ ᠪᠠᠶᠢᠳᠠᠯ ᠳᠤ ᠮᠢᠨᠦ᠋ᠲ ᠳᠤᠮᠳᠠᠴᠢ ᠪᠠᠷ 160 ᠦᠰᠦᠭ ᠤᠩᠰᠢᠬᠤ ᠪᠠᠷ ᠪᠤᠳᠤᠬᠰᠠᠨ ᠴᠤ 10 — 20 ᠮᠢᠨᠦ᠋ᠲ ᠲᠤ | 1600 — 3200 ᠦᠰᠦᠭ ᠪᠤᠶᠤ 2 — 4 ᠨᠢᠭᠤᠷ ᠨᠣᠮ ᠤᠩᠰᠢᠵᠤ ᠲᠠᠶᠢᠯᠦᠨ᠎ᠠ ᠃ ᠬᠡᠷᠪᠡ ᠡᠳᠦᠷ ᠪᠦᠷᠢ ᠡᠭᠦᠨ ᠢ ᠪᠠᠷᠢᠮᠲᠠᠯᠠᠬᠤ ᠶᠤᠮ ᠪᠣᠯ | ᠤᠳᠠᠭᠠᠨ ᠳᠠᠭᠠᠨ ᠨᠡᠯᠢᠶᠡᠳ ᠨᠣᠮ ᠤᠩᠰᠢᠴᠢᠬᠠᠨᠠ ᠃ | ᠬᠠᠷᠢᠨ ᠡᠪᠦᠯ ᠵᠤᠨ ᠤ ᠠᠮᠠᠷᠠᠯᠲᠠ ᠶᠢᠨ ᠴᠢᠯᠦᠭᠡ ᠪᠠᠨ ᠭᠦᠢᠴᠡᠳ ᠠᠰᠢᠭᠯᠠᠵᠤ ᠢᠯᠡᠭᠦᠦ ᠤᠩᠰᠢᠵᠤ ᠪᠣᠯᠣᠨ᠎ᠠ ᠃ ᠭᠡᠬᠦ ᠳᠡᠭᠡᠨ ᠶᠠᠮᠠᠷ ᠴᠢᠯᠦᠭᠡ ᠵᠠᠪ ᠲᠠᠢ | ᠪᠠᠶᠢᠭᠰᠠᠨ ᠴᠤ ᠰᠥᠨᠢ ᠶᠢᠨ ᠬᠠᠭᠠᠰ ᠪᠤᠯᠳᠠᠯ᠎ᠠ ᠤᠩᠰᠢᠵᠤ ᠰᠠᠭᠤᠬᠤ ᠦᠭᠡᠢ ᠂ ᠡᠳᠦᠷ ᠪᠦᠷᠢ ᠵᠠᠪᠠᠯ ᠲᠥᠯᠥᠪᠯᠡᠭᠡ ᠲᠠᠢ ᠂ ᠴᠠᠭ ᠲᠠᠢ ᠂ ᠬᠡᠮᠵᠢᠶ᠎ᠡ ᠲᠠᠢ ᠤᠩᠰᠢᠪᠠᠯ | ᠵᠣᠬᠢᠨ᠎ᠠ ᠃ ᠨᠣᠮ ᠪᠣᠯ ᠳᠡᠭᠡᠭᠰᠢ ᠲᠠᠪᠰᠢᠬᠤ ᠱᠠᠲᠤ ᠮᠥᠨ ᠃ ᠲᠡᠭᠡᠭᠦᠯᠡᠷ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠴᠤ ᠴᠠᠭ ᠢᠶᠠᠨ ᠵᠣᠬᠢᠰᠲᠠᠢ | ᠲᠣᠬᠢᠷᠠᠭᠤᠯᠤᠨ ᠂ ᠠᠷᠭ᠎ᠠ ᠪᠠᠨ ᠪᠦᠳᠦᠮᠵᠢᠳᠡᠢ ᠪᠠᠶᠢᠯᠭᠠᠪᠠᠯ ᠤᠯᠠᠨ ᠰᠠᠶᠢᠬᠠᠨ ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠵᠤ ᠂ ᠮᠡᠳᠡᠯᠭᠡ ᠮᠡᠳᠡᠴᠡ ᠪᠠᠨ | ᠥᠷᠭᠡᠵᠢᠭᠦᠯᠵᠦ ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ ᠪᠤᠯᠬᠤ ᠶᠤᠮ ᠠ᠋ ᠃ | | |