| ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶ᠋ᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ | ᠬᠠᠳᠠᠭᠠᠯᠠᠭᠰᠠᠨ ᠂ ᠳᠦᠭᠦᠷᠭᠡᠭᠰᠡᠨ ᠂ ᠪᠣᠷᠣᠯᠠᠭᠤᠯᠤᠭᠰᠠᠨ ᠬᠡᠷᠡᠭ ᠢ ᠠᠮᠵᠢᠯᠲᠠ ᠲᠠᠢ ᠳᠡᠩᠨᠡᠨ ᠢᠯᠡᠷᠡᠭᠦᠯᠵᠡᠢ ᠃ ᠡᠭᠦᠨ ᠳᠤ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ | ᠰᠠᠪᠠ ᠶᠢᠨ 2 ᠮᠠᠰᠢᠨ ᠲᠡᠷᠭᠡ ᠂ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ 2 ᠠᠴᠢᠶᠠᠨ ᠤ ᠮᠠᠰᠢᠨ ᠲᠡᠷᠭᠡ ᠂ 1 ᠮᠠᠰᠢᠨ ᠲᠡᠷᠭᠡ ᠂ 50 | ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 30 ᠂ 15 ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 25 ᠶᠢ ᠪᠠᠶᠢᠴᠠᠭᠠᠨ ᠭᠠᠷᠭᠠᠵᠤ ᠂ ᠬᠠᠤᠯᠢ ᠪᠤᠰᠤ ᠪᠠᠷ | ᠬᠠᠳᠠᠭᠠᠯᠠᠭᠰᠠᠨ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠪᠣᠯᠣᠨ ᠪᠠᠭᠠᠵᠢ ᠬᠡᠷᠡᠭᠰᠡᠯ ᠢ ᠲᠦᠷ ᠦᠯᠡᠳᠡᠭᠡᠨ ᠠᠪᠴᠤ ᠂ ᠬᠡᠷᠡᠭ ᠲᠤ ᠬᠤᠯᠪᠣᠭᠳᠠᠭᠰᠠᠨ 3 | ᠬᠥᠮᠥᠨ ᠢ ᠪᠠᠷᠢᠪᠴᠢᠯᠠᠵᠠᠢ ᠃ ᠲᠠᠨᠢᠯᠴᠠᠭᠤᠯᠤᠭᠰᠠᠨ ᠢᠶᠠᠷ ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶ᠋ᠢᠬᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠡᠳᠦᠷ | ᠲᠤᠲᠤᠮ ᠤᠨ ᠠᠵᠢᠯ ᠤᠨ ᠲᠣᠭᠤᠷᠢᠨ ᠴᠠᠭᠳᠠᠬᠤ ᠶᠠᠪᠤᠴᠠ ᠳᠠᠭᠠᠨ ᠂ ᠭᠦᠭᠡᠬᠤᠲᠠ ᠶᠢᠨ ᠰᠠᠶ᠋ᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠨᠢᠭᠡᠨ ᠲᠣᠰᠬᠤᠨ ᠤ | ᠬᠤᠭᠤᠰᠤᠨ ᠬᠦᠷᠢᠶᠡᠨ ᠳᠤ ᠦᠷᠭᠦᠯᠵᠢ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ ᠮᠠᠰᠢᠨ ᠲᠡᠷᠭᠡ ᠪᠠ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ | ᠸᠠᠭᠤᠨ ᠮᠠᠶᠢᠭ ᠤᠨ ᠠᠴᠢᠶᠠᠨ ᠤ ᠮᠠᠰᠢᠨ ᠲᠡᠷᠭᠡ ᠣᠷᠣᠵᠤ ᠭᠠᠷᠴᠤ ᠪᠠᠶᠢᠬᠤ ᠶᠢ ᠣᠯᠵᠤ ᠮᠠᠲᠠᠵᠠᠢ ᠃ ᠴᠠᠭᠳᠠᠭ᠎ᠠ ᠨᠠᠷ ᠲᠣᠰ ᠭᠠᠵᠠᠷ ᠲᠤ ᠲᠠᠩᠨᠠᠨ ᠪᠠᠶᠢᠴᠠᠭᠠᠯᠲᠠ | ᠬᠢᠵᠦ ᠂ ᠲᠣᠰ ᠬᠤᠭᠤᠰᠤᠨ ᠬᠦᠷᠢᠶᠡᠨ ᠳᠣᠲᠣᠷ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠡᠭᠦᠷ ᠢ ᠢᠯᠡᠷᠡᠭᠦᠯᠵᠡᠢ ᠃ | ᠪᠠᠶᠢᠴᠠᠭᠠᠭᠰᠠᠨ ᠢᠶᠠᠷ ᠂ ᠶᠠᠯ᠎ᠠ ᠶᠢᠨ ᠰᠡᠵᠢᠭᠲᠡᠨ ᠵᠣᠣ ᠣᠪᠣᠭᠲᠤ ᠵᠡᠷᠭᠡ 3 ᠬᠥᠮᠥᠨ ᠰᠤᠯᠠ ᠪᠠᠶᠢᠭ᠎ᠠ ᠬᠦᠷᠢᠶᠡᠨ ᠳᠤ ᠰᠢᠩᠭᠡᠵᠢᠯ ᠴᠢᠯᠠᠭᠤᠨ ᠲᠣᠰᠣᠨ ᠤ | ᠰᠢᠲᠠᠮᠠᠬᠠᠢ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠪᠠᠶ᠋ᠢᠨ᠎ᠠ ᠃ ᠣᠳᠣᠬᠠᠨ ᠳᠤ ᠂ ᠭᠦᠭᠡᠬᠤᠲᠠ ᠶᠢᠨ ᠰᠠᠶ᠋ᠢᠬᠠᠨ ᠲᠣᠭᠤᠷᠢᠭ ᠤᠨ | ᠴᠠᠭᠳᠠᠭᠠᠨ ᠤ ᠲᠠᠯ᠎ᠠ ᠶᠢᠨ ᠬᠢᠨ 3 ᠬᠥᠮᠥᠨ ᠢ ᠡᠵᠡᠮᠳᠡᠵᠦ ᠂ ᠬᠡᠷᠡᠭ ᠢ ᠤᠯᠠᠮ ᠴᠢᠨᠠᠭᠰᠢᠳᠠ ᠳᠡᠩᠨᠡᠨ ᠰᠶᠢᠳᠪᠦᠷᠢᠯᠡᠵᠦ ᠪᠠᠶᠢᠨ᠎ᠠ ᠃ | ᠴᠠᠭᠳᠠᠭᠠᠨ ᠤ ᠰᠠᠨᠠᠭᠤᠯᠤᠮᠵᠢ ᠄ ᠰᠢᠩᠭᠡᠵᠢᠯ ᠬᠡᠢ ᠂ ᠴᠢᠶ᠋ᠢᠦ ᠲᠣᠰᠣ ᠵᠡᠷᠭᠡ ᠪᠣᠯ ᠠᠶᠤᠯᠲᠠᠢ ᠬᠢᠮᠢ ᠶᠢᠨ ᠪᠣᠳᠠᠰ ᠮᠥᠨ ᠂ ᠤᠯᠤᠰ ᠠᠴᠠ ᠲᠡᠭᠦᠨ ᠤ ᠡᠵᠡᠩᠨᠡᠯᠲᠡ ᠳᠤ | ᠵᠥᠪᠰᠢᠶᠡᠷᠡᠯ ᠤᠨ ᠳᠦᠷᠢᠮ ᠢ ᠬᠡᠷᠡᠭᠵᠢᠭᠦᠯᠳᠡᠭ ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠥᠪᠰᠢᠶᠡᠷᠡᠯ ᠢ ᠣᠯᠣᠭᠰᠠᠨ ᠦᠭᠡᠢ ᠪᠣᠯ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠤᠯᠬᠤ ᠦᠭᠡᠢ ᠃ ᠠᠮᠢᠳᠤᠷᠠᠯ ᠳᠤᠮᠳᠠ ᠵᠠᠷᠢᠮ ᠬᠥᠮᠥᠨ | ᠰᠢᠩᠭᠡᠵᠢᠯ ᠬᠡᠢ ᠶᠢ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠠᠶᠢᠬᠤ ᠶᠢ ᠣᠯᠵᠤ ᠮᠡᠳᠡᠪᠡᠯ ᠂ ᠴᠠᠭ ᠲᠤᠬᠠᠢ ᠳᠤᠨᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ ᠂ ᠰᠠᠨᠠᠭᠠᠨ ᠳᠤ ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ ᠃ | | |