ᠰᠢᠨ᠎ᠡ ᠰᠤᠳᠤᠯᠭᠠᠨ᠄ ᠦᠬᠡᠷ ᠬᠤᠨᠢᠨ ᠤ ᠮᠢᠬ᠎ᠠ ᠪᠠ ᠰᠦ ᠶᠢᠨ ᠳᠣᠲᠣᠷᠠᠬᠢ ᠨᠢᠭᠡ ᠵᠦᠢᠯ ᠤᠨ ᠪᠣᠳᠠᠰ ᠥᠮᠡᠨ ᠢ ᠰᠡᠷᠭᠡᠶᠢᠯᠡᠬᠦ ᠳᠤ ᠲᠤᠰᠠᠳᠠᠢ
ᠨᠡᠶᠢᠲᠡᠯᠡᠭᠰᠡᠨ ᠴᠠᠭ᠄
2024/2/26
     ᠰᠢᠨᠬᠤᠸᠠ ᠬᠤᠷᠢᠶᠠᠨ ᠤ ᠸᠠᠰᠢᠩᠲ᠋ᠣᠨ ᠤ 11 ᠰᠠᠷ᠎ᠠ ᠶᠢᠨ 28 ᠤ ᠡᠳᠦᠷ ᠤᠨ ᠮᠡᠳᠡᠭᠡ ᠠᠮᠧᠷᠢᠺᠠ ᠶᠢᠨ ᠨᠢᠭᠡᠨ ᠰᠢᠨ᠎ᠡ ᠰᠤᠳᠤᠯᠭᠠᠨ ᠳᠤ ᠂ ᠦᠬᠡᠷ ᠬᠤᠨᠢ ᠵᠡᠷᠭᠡ ᠬᠡᠪᠢᠭᠴᠢ ᠠᠮᠢᠳᠠᠨ ᠤ ᠮᠢᠬ᠎ᠠ ᠪᠣᠯᠤᠨ ᠰᠦ ᠶᠢᠨ ᠲᠤᠳᠤᠷᠠᠬᠢ ᠨᠢᠭᠡ ᠵᠦᠢᠯ ᠤᠨ ᠪᠣᠳᠠᠰ ᠨᠢ ᠬᠠᠪᠤᠳᠠᠷ ᠢ ᠰᠡᠷᠭᠡᠶᠢᠯᠡᠬᠦ ᠡᠭᠡᠯᠢᠯᠡᠭᠡ ᠶᠢᠨ ᠡᠰ ᠢ ᠬᠥᠭᠵᠢᠭᠡᠵᠦ ᠂ ᠤᠯᠠᠨ ᠵᠦᠢᠯ ᠤᠨ ᠥᠮᠡᠨ ᠢ ᠰᠡᠷᠭᠡᠶᠢᠯᠡᠬᠦ ᠳᠠᠯᠳᠠ ᠬᠦᠴᠦᠨ ᠲᠠᠢ ᠪᠠᠶᠢᠨ᠎ᠠ ᠭᠡᠵᠦ ᠬᠡᠯᠡᠪᠡ ᠃ ᠠᠮᠧᠷᠢᠺᠠ ᠶᠢᠨ ᠴᠢᠺᠠᠭᠤ᠋ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠤᠳᠤᠯᠭᠠᠲᠠᠨ ᠲᠦᠷᠦᠭᠦᠬᠡᠨ ᠠᠩᠭ᠍ᠯᠢ ᠶᠢᠨ ︽ ᠪᠠᠶᠢᠭᠠᠯᠢ ︾ ᠰᠡᠳᠬᠦᠯ ᠳᠤ ᠥᠭᠦᠯᠡᠯ ᠨᠡᠶᠢᠲᠡᠯᠡᠵᠦ ᠬᠡᠯᠡᠬᠦ ᠳᠡᠭᠡᠨ ᠂ ᠦᠬᠡᠷ ᠬᠤᠨᠢ ᠵᠡᠷᠭᠡ ᠬᠡᠪᠢᠭᠴᠢ ᠠᠮᠢᠲᠠᠨ ᠤ ᠮᠢᠬ᠎ᠠ ᠪᠣᠯᠤᠨ ᠰᠦ ᠶᠢᠨ ᠲᠤᠳᠤᠷ᠎ᠠ ᠨᠢᠭᠡ ᠵᠦᠢᠯ ᠤᠨ ᠲᠠᠰᠢᠭᠤ ᠢᠽᠤ᠋ ᠬᠦᠴᠢᠯ ︵ TVA ︶ ᠠᠭᠤᠯᠤᠭᠳᠠᠵᠤ ᠪᠠᠶᠢᠨ᠎ᠠ ᠂ ᠲᠡᠷᠡ ᠨᠢ ᠵᠠᠷᠢᠮ ᠡᠭᠡᠯᠢᠯᠡᠭᠡ ᠶᠢᠨ ᠡᠰ ᠤᠨ ᠬᠠᠪᠤᠳᠠᠷ ᠢ ᠰᠡᠷᠭᠡᠶᠢᠯᠡᠬᠦ ᠢᠳᠡᠪᠬᠢ ᠴᠢᠨᠠᠷ ᠢ ᠴᠢᠩᠭᠠᠯᠠᠬᠤ ᠶᠢᠨ ᠤᠯᠠᠮ ᠢᠶᠠᠷ ᠥᠮᠡᠨ ᠡᠪᠡᠳᠴᠢᠨ ᠢ ᠰᠡᠷᠭᠡᠶᠢᠯᠡᠬᠦ ᠳᠤ ᠲᠤᠰᠠᠯᠠᠳᠠᠭ ᠭᠡᠵᠡᠶ ᠃     ᠰᠤᠳᠤᠯᠭᠠᠨ ᠳᠤ ᠢᠯᠡᠷᠡᠭᠦᠯᠦᠭᠰᠡᠨ ᠢᠶᠠᠷ ᠂ ᠬᠠᠷ᠎ᠠ ᠥᠩᠭᠡᠲᠦ ᠡᠳ᠋ ᠤᠨ ᠬᠠᠪᠤᠳᠠᠷ ᠲᠠᠢ ᠪᠢᠴᠢᠬᠠᠨ ᠬᠤᠯᠤᠭᠠᠨ᠎ᠠ ᠳᠤ TVA ᠡᠯᠪᠡᠭ ᠠᠭᠤᠯᠤᠭᠳᠠᠬᠤ ᠢᠳᠡᠭᠡᠨ ᠢ ᠢᠳᠡᠬᠦᠯᠦᠭᠰᠡᠨ ᠤ ᠳᠠᠷᠠᠭ᠎ᠠ ᠂ ᠬᠠᠪᠤᠳᠠᠷ ᠤᠨ ᠥᠰᠥᠯᠲᠡ ᠨᠢ ᠬᠠᠷᠢᠴᠠᠩᠭᠤᠢ ᠪᠠᠷ ᠬᠤᠷᠢᠭᠯᠠᠭᠳᠠᠪᠠ ︔ ᠯᠢᠮᠹᠠ ᠶᠢᠨ ᠬᠠᠪᠤᠳᠠᠷ ᠤᠨ ᠡᠪᠡᠳᠴᠢᠲᠡᠨ ᠤ ᠲᠤᠳᠤᠷᠠᠬᠢ ᠴᠢᠰᠤᠨ ᠳᠣᠲᠣᠷᠠᠬᠢ TVA ᠶᠢᠨ ᠠᠭᠤᠯᠤᠭᠳᠠᠴᠠ ᠥᠨᠳᠥᠷ ᠬᠥᠮᠦᠨ ᠨᠢ ᠡᠭᠡᠯᠢᠯᠡᠭᠡ ᠶᠢᠨ ᠵᠠᠰᠠᠯ ᠬᠦᠷᠳᠡᠭᠰᠡᠨ ᠤ ᠲᠠᠷᠠᠭ᠎ᠠ ᠬᠠᠷᠢᠭᠤ ᠲᠤᠰᠬᠠᠯ ᠢᠶᠠᠷ ᠨᠡᠩ ᠰᠠᠶᠢᠨ ᠪᠠᠶᠢᠨ᠎ᠠ ︔ ᠬᠥᠮᠦᠨ ᠲᠥᠷᠥᠯᠬᠢᠲᠡᠨ ᠤ ᠡᠪᠡᠳᠴᠢᠲᠡᠨ ᠤ ᠪᠡᠶ᠎ᠡ ᠠᠴᠠ ᠭᠠᠷᠭᠠᠨ ᠠᠪᠤᠭᠰᠠᠨ ᠴᠢᠰᠤ ᠴᠠᠶᠢᠬᠤ ᠡᠪᠡᠳᠴᠢᠨ ᠤ ᠡᠰ ᠲᠤ ᠬᠢᠭᠰᠡᠨ ᠲᠤᠷᠰᠢᠯᠲᠠ ᠠᠴᠠ ᠦᠵᠡᠪᠡᠯ ᠂ TVA ᠨᠢ ᠡᠭᠡᠯᠢᠯᠡᠭᠡ ᠶᠢᠨ ᠡᠮᠴᠢᠯᠡᠭᠡᠨ ᠤ ᠡᠮ ᠤᠨ ᠡᠳᠡᠭᠡᠷ ᠡᠰ ᠢ ᠠᠯᠠᠬᠤ ᠴᠢᠳᠠᠪᠤᠷᠢ ᠶᠢ ᠳᠡᠭᠡᠭᠰᠢᠯᠡᠭᠦᠯᠳᠡᠭ ᠃     ᠲᠠᠨᠢᠯᠴᠠᠭᠤᠯᠤᠭᠰᠠᠨ ᠢᠶᠠᠷ ᠂ TVA ᠨᠢ ᠬᠥᠮᠦᠨ ᠲᠥᠷᠥᠯᠬᠢᠲᠡᠨ ᠤ ᠡᠬᠡ ᠶᠢᠨ ᠰᠦ ᠳᠤ ᠣᠷᠣᠰᠢᠳᠠᠭ ᠂ ᠭᠡᠪᠡᠴᠦ ᠬᠥᠮᠦᠨ ᠤ ᠪᠡᠶ᠎ᠡ ᠳᠤ ᠶᠡᠷᠦ ᠠᠴᠠ ᠡᠶᠢᠮᠦᠷᠬᠦᠦ ᠪᠣᠳᠠᠰ ᠡᠭᠦᠰᠬᠦ ᠦᠭᠡᠢ ᠂ ᠡᠨᠡ ᠨᠢ ᠭᠤᠣᠯᠳᠠᠭᠤ ᠢᠳᠡᠭᠡᠨ ᠤᠮᠳᠠᠭᠠᠨ ᠠᠴᠠ ᠢᠷᠡᠯᠲᠡ ᠲᠠᠢ ᠃ ᠬᠡᠳᠦ᠋ᠢᠪᠡᠷ TVA ᠨᠢ ᠥᠮᠡᠨ ᠢ ᠰᠡᠷᠭᠡᠶᠢᠯᠡᠬᠦ ᠳᠤ ᠲᠤᠰᠠᠲᠠᠶ ᠳᠠᠯᠳᠠ ᠬᠦᠴᠦᠨ ᠲᠠᠢ ᠪᠠᠶᠢᠳᠠᠭ ᠪᠣᠯᠪᠠᠴᠤ ᠂ ᠡᠭᠦᠨ ᠠᠴᠠ ᠪᠣᠯᠵᠣ ᠮᠢᠬ᠎ᠠ ᠪᠠ ᠴᠠᠭᠠᠨ ᠢᠳᠡᠭᠡ ᠬᠡᠲᠦ ᠠᠷᠪᠢᠨ ᠢᠳᠡᠬᠦ ᠴᠢᠬᠤᠯᠠ ᠥᠬᠡᠶ ᠂ ᠤᠴᠢᠷ ᠨᠢ ᠤᠯᠠᠭᠠᠨ ᠮᠢᠬ᠎ᠠ ᠬᠡᠲᠦ ᠠᠷᠪᠢᠨ ᠢᠳᠡᠬᠦ ᠵᠡᠷᠭᠡ ᠨᠢ ᠬᠥᠬᠦᠨ ᠪᠤᠯᠴᠢᠷᠬᠠᠶ ᠶᠢᠨ ᠥᠮᠡᠨ ᠪᠠ ᠬᠤᠰᠬᠢᠨᠠᠭ ᠤᠨ ᠥᠮᠡᠨ ᠳᠤ ᠨᠡᠷᠪᠡᠭᠳᠡᠬᠦ ᠠᠶᠤᠯ ᠢ ᠨᠡᠮᠡᠭᠳᠡᠭᠦᠯᠵᠦ ᠮᠡᠳᠡᠨ᠎ᠡ ᠭᠡᠵᠦ ᠰᠤᠳᠤᠯᠭᠠᠲᠠᠳ ᠰᠠᠨᠠᠭᠤᠯᠪᠠ ᠃ ᠰᠤᠳᠤᠯᠭᠠᠲᠠᠳ ᠄ ᠬᠤᠯᠪᠣᠭᠳᠠᠯ ᠪᠥᠬᠦᠶ ᠪᠣᠳᠠᠰ ᠡᠯᠪᠡᠭ ᠠᠭᠤᠯᠤᠭᠰᠠᠨ ᠨᠥᠬᠦᠪᠥᠷᠢ ᠡᠳ᠋ ᠨᠢ ᠡᠲᠡᠭᠡᠷ ᠢᠳᠡᠭᠡᠨ ᠢ ᠰᠢᠭᠤᠳ ᠢᠳᠡᠬᠦ ᠠᠴᠠ ᠨᠠᠩ ᠲᠤᠰᠠᠲᠠᠶ ᠪᠠᠶᠢᠵᠤ ᠮᠡᠳᠡᠨ᠎ᠡ ᠭᠡᠵᠦ ᠬᠡᠯᠡᠪᠡ ᠃    
ᠢᠷᠡᠯᠲᠡ᠄ ᠠᠷᠠᠳ ᠤᠨ ᠰᠦᠯᠵᠢᠶ᠎ᠡ