ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠱᠦᠵᠢ ᠨᠠᠷ ᠤᠨ ᠭᠠᠵᠠᠷ ᠤᠨ ᠱᠦᠵᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠲᠤᠰᠢᠶᠠᠯ ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2024/2/28
    ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠲᠤ ᠴᠢᠬᠤᠯᠠ ᠱᠠᠭᠠᠷᠳᠠᠯᠭ᠎ᠠ ᠳᠤᠷᠠᠳᠴᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ ᠂ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ ᠃ ᠣᠶᠢᠷ᠎ᠠ ᠶᠢᠨ ᠬᠤᠭᠤᠴᠠᠭᠠᠨ ᠳᠤ ᠂ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ ᠃    ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠤ ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠤᠬᠠᠮᠰᠠᠷ ᠠᠴᠠ ᠪᠠᠨ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠲᠦᠷᠦᠭᠦᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠱᠠᠭᠠᠷᠳᠠᠯᠭ᠎ᠠ ᠶᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠤᠯᠠᠮ ᠭᠦᠨᠵᠡᠭᠡᠶᠢᠷᠡᠭᠦᠯᠵᠦ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠃ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠶᠢ ᠪᠠᠲᠤ ᠪᠤᠢ ᠪᠤᠯᠭᠠᠵᠤ ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠲᠦᠷᠦᠭᠦᠯᠡᠨ ᠰᠠᠶᠢᠲᠤᠷ ᠵᠠᠮᠨᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠤᠨ ᠠᠷᠬᠠᠭ ᠭᠡᠮ ᠢ ᠵᠠᠯᠠᠷᠠᠭᠤᠯᠤᠨ ᠵᠠᠰᠠᠵᠤ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠂ ᠰᠤᠷᠲᠠᠯ ᠤᠨ ᠬᠤᠪᠢᠷᠠᠯᠲᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠃ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠲᠤᠯᠠᠵᠤ ᠂ ᠪᠡᠶ᠎ᠡ ᠪᠠᠨ ᠠᠷᠢᠭᠤᠨ ᠰᠢᠳᠤᠷᠭᠤ ᠠᠪᠴᠤ ᠶᠠᠪᠤᠬᠤ ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠡᠭᠡᠷ᠎ᠡ ᠬᠡᠪ ᠳᠠᠭᠤᠷᠢᠶᠠᠯ ᠦᠵᠡᠭᠦᠯᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠂ ᠭᠤᠣᠯᠳᠠᠯᠭ᠎ᠠ ᠪᠠᠨ ᠲᠣᠪᠤᠶᠢᠯᠭᠠᠨ ᠂ ᠵᠠᠩᠭᠢᠯᠠᠭ᠎ᠠ ᠶᠢ ᠡᠵᠡᠮᠳᠡᠵᠦ ᠂ ᠵᠣᠷᠢᠭᠲᠠᠢ ᠤᠷᠤᠭᠰᠢᠯᠠᠨ ᠲᠠᠪᠰᠢᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠤᠯᠠᠮ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ