| | ᠰᠤ᠋ ᠰᠢᠨ ᠶᠠ ᠸᠠᠩ ᠭᠦᠸᠧ ᠴᠢᠤᠸᠠᠨ ᠯᠦ ᠵᠠᠨ ᠴᠢᠩ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠪᠡ ᠵᠢᠶᠠ ᠭᠤᠸᠠᠩ ᠬᠤᠸᠠ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠬᠦᠯᠦᠯᠳᠡ ᠬᠢᠵᠡᠢ | 1 ᠰᠠᠷ᠎ᠠ ᠶᠢᠨ 24 ᠤ ᠡᠳᠤᠷ ᠤᠨ ᠦᠳᠡ ᠶᠢᠨ ᠡᠮᠦᠨ᠎ᠡ ᠂ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠬᠤᠰᠢᠭᠤᠨ ᠤ ᠬᠤᠷᠠᠯ ᠤᠨ ᠲᠥᠪ ᠲᠤ ᠡᠬᠢᠯᠡᠪᠡ ᠃ | | ᠵᠢᠷᠤᠭ ᠄1 ᠰᠠᠷ᠎ᠠ ᠶᠢᠨ 24 ᠤ ᠡᠳᠤᠷ ᠤᠨ ᠦᠳᠡ ᠶᠢᠨ ᠡᠮᠦᠨ᠎ᠡ ᠂ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠰᠢᠭᠤᠨ ᠤ ᠬᠤᠷᠠᠯ ᠤᠨ ᠲᠥᠪ ᠲᠤ ᠡᠬᠢᠯᠡᠪᠡ ᠃ ᠶᠤᠸᠠᠢ ᠴᠧᠨ ᠶᠠᠨ ᠰᠡᠭᠦᠳᠡᠷᠯᠡᠪᠡ | ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠣᠲᠣ ᠪᠠᠶᠢᠭ᠎ᠠ ᠭᠡᠰᠢᠬᠦᠨ 190 ᠬᠦᠮᠤᠨ | ᠪᠠᠶᠢᠵᠤ ᠂ ᠶᠡᠭᠡ ᠬᠤᠷᠠᠯ ᠳᠤ 174 ᠭᠡᠰᠢᠭᠦᠨ ᠤᠷᠤᠯᠴᠠᠵᠤ ᠂ ᠲᠣᠭᠲᠠᠭᠠᠬᠰᠠᠨ ᠬᠥᠮᠥᠨ ᠤ ᠲᠤᠭ᠎ᠠ ᠳᠤ ᠨᠡᠶᠢᠴᠡᠪᠠ ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠶᠠ ᠭᠤᠸᠠᠩ ᠬᠤᠸᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢ ᠱᠤᠸᠠᠨ ᠂ ᠭᠤᠸ ᠷᠦᠨ ᠬᠤᠸᠠ ᠂ ᠭᠦᠸᠧ ᠶᠦᠩ ᠯᠢᠨ ᠂ ᠵᠠᠩ ᠳ᠋ᠦᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ | ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ ᠂ ᠸᠠᠩ ᠭᠦᠸᠧ ᠴᠢᠤᠸᠠᠨ ᠂ ᠯᠦ ᠵᠠᠨ ᠴᠢᠩ ᠂ ᠵᠠᠩ ᠪᠥᠸᠧ ᠂ ᠸᠠᠩ ᠢᠦᠢ ᠵᠢᠶᠧ ᠂ ᠴᠢᠶᠣᠤ ᠠᠢ ᠫᠢᠩ ᠂ | ᠴᠢᠶᠣᠤ ᡁᠢ ᠫᠢᠩ ᠂ ᠳ᠋ᠦ᠋ ᠶᠠᠨ ᠪᠢᠨ ᠂ ᠯᠢ ᠶᠣᠣ ᠵᠢᠶᠦ᠋ᠨ ᠂ ᠦ᠋ ᠰᠢᠦᠢ ᠳ᠋ᠦᠩ ᠂ ᠸᠠᠩ ᠮᠢᠨ ᠂ ᠯᠢ ᠪᠥᠸᠧ ᠂ ᠭᠦᠸᠧ ᠴᠢ ᠭᠤᠸᠠᠩ ᠨᠠᠷ ᠬᠤᠷᠠᠯ ᠳᠤ ᠣᠷᠣᠯᠴᠠᠵᠤ | ᠪᠠᠶᠠᠷ ᠬᠦᠷᠭᠡᠭᠰᠡᠨ ᠤ ᠬᠠᠮᠲᠤ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ | ᠬᠤᠷᠠᠯ ᠳᠤ ᠣᠷᠣᠯᠴᠠᠵᠤ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠠᠨ ᠰᠢᠶᠠ᠂ ᠯᠢ ᠹᠦ᠋ ᠱᠧᠩ᠂ ᠶᠠᠨ ᠹᠧᠢ ᠂ | ᠷᠧᠨ ᡁᠢ ᠶᠤᠸᠠᠨ᠂ ᠤᠶᠤᠨᠪᠢᠯᠢᠭ᠌ ᠂ ᠵᠠᠩ ᠶᠠ ᠨᠠᠨ᠂ ᠯᠢᠦ ᠢᠦᠢ ᠴᠧᠩ᠂ ᠳ᠋ᠤᠸᠠᠨ ᠰᠢᠨ ᠭᠦᠸᠧ ᠂ ᠭᠦᠸᠧ ᠷᠦᠢ ᠂ ᠮᠢᠶᠣᠣ ᠫᠧᠢ ᠯᠢᠨ ᠨᠠᠷ ᠪᠤᠢ ᠃ | ᠭᠤᠸ ᠷᠦᠨ ᠬᠤᠸᠠ ᠬᠤᠷᠠᠯ ᠡᠷᠭᠢᠯᠡᠪᠡ ᠃ | ᠦᠳᠡ ᠶᠢᠨ ᠡᠮᠦᠨᠡᠬᠢ 9 ᠴᠠᠭ ᠲᠤ ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ | ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ | ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ | | ᠵᠢᠷᠤᠭ ᠄ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠ ᠭᠤᠸᠠᠩ ᠬᠤᠸᠠ | ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠳᠦᠯᠦᠭᠡᠯᠡᠨ ᠶᠡᠭᠡ | ᠬᠤᠷᠠᠯ ᠳᠤ ᠠᠵᠢᠯ ᠤᠨ ᠮᠡᠳᠡᠬᠦᠯᠦᠯᠳᠡ ᠬᠢᠪᠡ ᠃ ᠶᠤᠸᠠᠢ ᠴᠧᠨ ᠶᠠᠨ ᠰᠡᠭᠦᠳᠡᠷᠯᠡᠪᠡ | ᠵᠢᠶᠠ ᠭᠤᠸᠠᠩ ᠬᠤᠸᠠ ᠤᠯᠤᠰ ᠲᠦᠷᠦ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠪᠡ᠃ | ᠮᠡᠳᠡᠬᠦᠯᠦᠯᠳᠡ ᠳᠤ ᠥᠩᠭᠡᠷᠡᠭᠰᠡᠨ ᠨᠢᠭᠡ ᠵᠢᠯ ᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠠᠵᠢᠯ ᠢ ᠡᠷᠬᠢᠴᠡᠬᠦᠯᠪᠡ᠃ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠳᠤᠭᠤᠰᠢᠯᠠᠭᠤᠯᠤᠬᠰᠠᠨ ᠡᠬᠢᠯᠡᠯᠲᠡ ᠶᠢᠨ ᠵᠢᠯ ᠪᠤᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠤᠷᠢᠳᠤᠬᠢ ᠶᠢ | ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠤᠯᠤᠨ᠎ᠠ᠃ ᠨᠢᠭᠡ ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ | ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠳᠠᠯᠠᠨ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ︽ ᠬᠤᠶᠠᠷ ᠶᠡᠭᠡ ᠶᠠᠪᠤᠳᠠᠯ ︾ ᠂ | ᠪᠥᠬᠦ ᠬᠤᠲᠠ ᠶᠢᠨ ︽ ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠲᠤ ᠴᠢᠩᠭ᠎ᠠ ᠲᠦᠰᠢᠭᠯᠡᠨ ᠪᠦᠯᠬᠦᠮᠳᠡᠵᠦ ᠂ ᠤᠯᠤᠰ ᠲᠥᠷᠥ ᠶᠢᠨ | ᠵᠥᠪᠯᠡᠯᠭᠡᠨ ᠤ ᠳᠤᠰᠢᠶᠠᠯ ᠴᠢᠳᠠᠪᠤᠷᠢ ᠶᠢ ᠨᠠᠷᠢᠨ ᠬᠢᠨᠠᠮᠠᠭᠠᠢ ᠭᠦᠢᠴᠡᠳᠬᠡᠵᠦ ᠂ ︽ ᠦᠨᠡᠨᠴᠢ ᠰᠢᠳᠤᠷᠭᠤ ᠂ ᠵᠢᠳᠬᠦᠯ ᠴᠢᠷᠮᠠᠶᠢᠯᠭ᠎ᠠ ᠲᠠᠢ ᠂ ᠰᠡᠳᠬᠢᠯ ᠢᠶᠠᠨ ᠨᠢᠭᠡᠳᠬᠡᠵᠤ ᠂ | ᠠᠷᠠᠳ ᠤᠨ ᠲᠥᠯᠥᠭᠡ ᠵᠢᠳᠬᠦᠨ᠂ ᠡᠷᠡᠮᠡᠭᠡᠶᠢᠯᠡᠨ ᠲᠡᠮᠡᠴᠡᠬᠦ ︾ ᠤᠯᠤᠰ ᠲᠥᠷᠥ ᠶᠢᠨ ᠵᠥᠪᠯᠡᠯᠭᠡᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠃ | | ᠮᠡᠳᠡᠭᠦᠯᠦᠯᠲᠡ ᠳᠤ ᠵᠢᠭᠠᠵᠤ ᠭᠠᠷᠭᠠᠬᠤ ᠳᠠᠭᠠᠨ ᠂ ᠥᠩᠭᠡᠷᠡᠭᠰᠡᠨ ᠨᠢᠭᠡ ᠵᠢᠯ ᠳᠤ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ | ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ | ᠵᠢᠯᠤᠭᠤᠳᠤᠭᠤᠯᠬᠤ ᠶᠢ ᠢᠮᠠᠭᠲᠠ ᠪᠠᠷᠢᠮᠲᠠᠯᠠᠵᠤ ᠂ ︽ ᠦᠨᠡᠨᠴᠢ ᠰᠢᠳᠤᠷᠭᠤ ᠤᠯᠤᠰ ᠲᠥᠷᠥ ᠶᠢᠨ ᠵᠥᠪᠯᠡᠯᠭᠡᠨ ᠪᠤᠯᠬᠤ ︾ ᠶᠢ ᠬᠢᠴᠢᠶᠡᠩᠭᠦᠶᠢᠯᠡᠨ ᠰᠠᠬᠢᠵᠤ ᠂ ᠦᠵᠡᠯ | ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠤᠯᠠᠮ ᠬᠦᠴᠦᠲᠡᠢ ᠪᠣᠯᠭᠠᠪᠠ ︔ ︽ᠵᠢᠳᠬᠦᠯ ᠴᠢᠷᠮᠠᠶᠢᠯᠭ᠎ᠠ ᠲᠠᠢ ᠤᠯᠤᠰ ᠲᠦᠷᠦ ᠶᠢᠨ ᠵᠥᠪᠯᠡᠯᠭᠡᠨ︾ ᠢ ᠯᠠᠪᠳᠠᠭᠤᠨ | ᠪᠠᠳᠤᠳᠠᠢ ᠬᠡᠷᠡᠭᠵᠢᠭᠦᠯᠵᠦ ᠂ ᠨᠠᠮ ᠵᠠᠰᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠩ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠪᠠ︔ | ︽ ᠰᠡᠳᠬᠢᠯ ᠢᠶᠠᠨ ᠨᠢᠭᠡᠳᠬᠡᠭᠰᠡᠨ ᠤᠯᠤᠰ ᠲᠥᠷᠥ ᠶᠢᠨ ᠵᠥᠪᠯᠡᠯᠭᠡᠨ ︾ ᠢ ᠪᠠᠲᠤ ᠪᠠᠬᠢ ᠪᠠᠶᠢᠭᠤᠯᠵᠤ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤᠰᠢᠶᠠᠯ | ᠴᠢᠳᠠᠪᠤᠷᠢ ᠶᠢᠨ ᠦᠢᠯᠡᠳᠦᠯ ᠨᠠᠩ ᠲᠣᠪᠣᠶᠢᠮ᠎ᠠ ᠪᠣᠯᠪᠠ ︔ ︽ᠠᠷᠠᠳ ᠤᠨ ᠲᠥᠯᠥᠭᠡ ᠵᠢᠳᠬᠦᠬᠦ ᠤᠯᠤᠰ ᠲᠦᠷᠦ ᠶᠢᠨ ᠵᠥᠪᠯᠡᠯᠭᠡᠨ︾ ᠢ ᠦᠢᠯᠡᠳᠦᠯᠭᠡᠵᠢᠭᠦᠯᠵᠦ ᠂ | ᠲᠤᠰᠬᠠᠢ ᠵᠥᠪᠯᠡᠯᠭᠡ ᠬᠢᠬᠦ ᠪᠠᠶᠢᠭᠤᠯᠤᠮᠵᠢ ᠶᠢ ᠨᠡᠩ ᠭᠦᠢᠴᠡᠳ ᠢᠯᠡᠷᠡᠬᠦᠯᠪᠡ︔ ︽ ᠡᠷᠡᠮᠡᠭᠡᠶᠢᠯᠡᠨ ᠲᠡᠮᠡᠴᠡᠬᠦ ᠤᠯᠤᠰ ᠲᠦᠷᠦ ᠶᠢᠨ ᠵᠥᠪᠯᠡᠯᠭᠡᠨ ︾ ᠢ ᠢᠯᠡᠷᠡᠭᠦᠯᠵᠦ ᠂ | ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢ ᠨᠡᠩ ᠲᠡᠭᠦᠯᠳᠡᠷᠵᠢᠭᠦᠯᠪᠡ ᠭᠡᠵᠡᠢ᠃ | | | ᠮᠡᠳᠡᠭᠦᠯᠦᠯᠲᠡ ᠳᠤ ᠴᠢᠬᠤᠯᠠᠴᠢᠯᠠᠬᠤ ᠳᠠᠭᠠᠨ ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠮᠥᠨᠴᠦ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠡᠨᠡ ᠵᠢᠯ ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ | ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ ᠂ ᠳᠤᠮᠳᠠᠳᠤ ᠶᠢᠨ | ᠦᠨᠳᠤᠰᠤᠳᠡᠨ ᠤ ᠬᠠᠮᠳᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ | ᠬᠠᠷᠠᠯᠲᠠ ᠡᠭᠦᠷᠭᠡ ᠶᠢᠨ ᠲᠣᠭᠤᠷᠢᠨ ᠳᠤ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ ᠂ | ᠰᠠᠨᠠᠯ ᠰᠠᠨᠠᠭᠤᠯᠭ᠎ᠠ ᠳᠤᠷᠠᠳᠤᠨ ᠳᠦᠷᠦ ᠳᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠵᠦ ᠂ ᠲᠤᠰᠬᠠᠢ ᠵᠥᠪᠯᠡᠯᠭᠡ | ᠬᠢᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ ᠂ ᠵᠡᠭᠦᠨᠭᠠᠷ ᠬᠤᠰᠢᠭᠤ ᠨᠢ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ︽ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠬᠤ ︾ ᠳᠤ ᠤᠯᠤᠰ ᠲᠥᠷᠥ ᠶᠢᠨ | ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠨ᠎ᠠ ᠭᠡᠵᠡᠢ ᠃ | ᠮᠡᠳᠡᠭᠦᠯᠦᠯᠲᠡ ᠳᠤ ᠱᠠᠭᠠᠷᠳᠠᠬᠤ ᠳᠠᠭᠠᠨ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠤᠯᠤᠰ ᠲᠦᠷᠦ ᠪᠠᠷ ᠬᠥᠲᠥᠯᠥᠨ ᠳᠠᠭᠠᠭᠤᠯᠵᠤ ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︔ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠶᠢ ᠦᠷᠭᠦᠯᠵᠢᠯᠡᠭᠦᠯᠵᠦ ᠂ | ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠦᠨᠡᠨ ᠰᠡᠳᠬᠢᠯ ᠠᠴᠠ ᠪᠠᠨ ᠬᠦᠴᠦᠯᠡᠨ ᠴᠢᠷᠮᠠᠶᠢᠬᠤ ᠭᠡᠷᠡᠭᠳᠡᠢ︔ ᠳᠦᠷᠦ ᠶᠢᠨ | ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠴᠢᠩᠭᠠᠳᠬᠠᠵᠤ ᠂ ᠭᠤᠣᠯᠳᠠᠯᠭ᠎ᠠ ᠶᠢᠨ ᠲᠣᠭᠤᠷᠢᠨ ᠳᠤ ᠂ ᠪᠦᠬᠦ ᠲᠠᠯ᠎ᠠ ᠳᠤ ᠦᠢᠯᠡᠴᠢᠯᠡᠬᠦ ᠲᠠᠯ᠎ᠠ ᠪᠠᠷ | ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ︔ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠬᠤᠯᠠᠴᠢᠯᠠᠵᠤ ᠂ ᠬᠥᠭᠵᠢᠯᠲᠡ ᠶᠢ ᠠᠬᠢᠭᠤᠯᠤᠨ ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠦᠴᠦᠨ ᠴᠢᠳᠠᠯ ᠢ ᠨᠡᠮᠡᠭᠳᠡᠭᠦᠯᠬᠦ ᠭᠡᠷᠡᠭᠳᠡᠢ ︔ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ ᠂ ᠰᠠᠭᠤᠷᠢ ᠪᠠᠨ ᠪᠠᠲᠤᠳᠬᠠᠨ ᠂ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ ᠭᠡᠪᠡ᠃ | ᠯᠢ ᠱᠤᠸᠠᠨ ᠤᠯᠤᠰ ᠲᠦᠷᠦ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ᠃ | ᠮᠡᠳᠡᠭᠦᠯᠦᠯᠲᠡ ᠳᠤ ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯ ᠠᠴᠠ | ᠨᠠᠭᠠᠰᠢ ᠂ ᠨᠠᠶᠢᠲᠠ 128 ᠰᠠᠨᠠᠯ ᠳᠤᠷᠠᠳᠤᠯᠭ᠎ᠠ ᠶᠢ ᠬᠦᠯᠢᠶᠠᠨ ᠠᠪᠴᠤ ᠂ ᠬᠢᠨᠠᠨ ᠪᠠᠶᠢᠴᠠᠭᠠᠭᠠᠳ 112 ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠲᠠᠩᠰᠠᠯᠠᠵᠤ ᠂ | ᠰᠠᠨᠠᠯ ᠳᠤᠷᠠᠳᠤᠯᠭ᠎ᠠ ᠶᠢ ᠨᠡᠶᠢᠯᠡᠭᠦᠯᠦᠨ ᠰᠢᠢᠳᠪᠦᠷᠢᠯᠡᠭᠰᠡᠨ ᠤ ᠲᠠᠷᠠᠭ᠎ᠠ 110 ᠪᠤᠯᠵᠤ ᠂ ᠬᠡᠷᠡᠭ ᠪᠣᠯᠭᠠᠨ ᠳᠠᠩᠰᠠᠯᠠᠭᠰᠠᠨ ᠨᠣᠷᠮ᠎ᠠ ᠨᠢ 87.5% ᠳᠤ ᠬᠦᠷᠴᠠᠢ ᠃ | 2023 ᠣᠨ ᠤ 12 ᠰᠠᠷ᠎ᠠ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤ ᠥᠭᠪᠡ᠃ ᠰᠠᠨᠠᠯ | ᠳᠤᠷᠠᠳᠤᠯᠭ᠎ᠠ ᠳᠤᠷᠠᠳᠤᠭᠰᠠᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠳᠤ ᠬᠠᠨᠤᠮᠵᠢᠲᠠᠶ ᠪᠠᠶᠢᠬᠤ ᠨᠤᠷᠮ᠎ᠠ ︵ ᠦᠨᠳᠦᠰᠦᠨ ᠳ᠋ᠡᠭᠡᠨᠬᠠᠨᠤᠮᠵᠢᠲᠠᠶ ᠪᠠᠶᠢᠬᠤ ᠶᠢ | ᠪᠠᠭᠲᠠᠭᠠᠨ᠎ᠠ︶ ᠨᠢ 100% ᠳᠤ ᠬᠦᠷᠴᠡᠢ ᠃ ᠡᠲᠡᠭᠡᠷ ᠰᠠᠨᠠᠯ ᠳᠤᠷᠠᠳᠤᠯᠭ᠎ᠠ ᠶᠢᠨ ᠠᠭᠤᠯᠭ᠎ᠠ ᠨᠢ ᠪᠠᠶᠠᠯᠢᠭ ᠂ ᠴᠢᠭᠯᠡᠬᠦᠯᠦᠯᠳᠤ ᠴᠢᠨᠠᠷ ᠢᠶᠠᠷ ᠴᠢᠩᠭ᠎ᠠ ᠪᠠᠶᠢᠵᠤ ᠂ | ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠴᠢ ᠡᠯ᠎ᠡ ᠨᠢᠭᠡᠴᠢ ᠶᠢᠨ ᠬᠦᠴᠦ ᠬᠥᠳᠡᠯᠮᠦᠷᠢ ᠪᠠ ᠣᠶᠤᠨ | ᠤᠬᠠᠭᠠᠨ ᠢ ᠨᠢᠭᠲᠠᠷᠠᠭᠤᠯᠵᠤ ᠂ ᠥᠷᠭᠡᠨ ᠣᠯᠠᠨ ᠲᠦᠮᠡᠨ ᠤ ᠬᠦᠰᠡᠯ ᠡᠷᠡᠮᠡᠯᠵᠡᠯ ᠢ ᠲᠤᠰᠬᠠᠵᠤ ᠂ ᠰᠢᠢᠳᠪᠦᠷᠢᠯᠡᠭᠰᠡᠨ ᠦᠷ᠎ᠡ ᠪᠦᠲᠦᠭᠡᠯ ᠨᠢ ᠨᠡᠶᠢᠭᠡᠮ ᠤᠨ ᠡᠯ᠎ᠡ | ᠡᠲᠡᠭᠡᠳ ᠲᠤ ᠥᠷᠭᠡᠨ ᠢᠶᠠᠷ ᠮᠡᠳᠡᠷᠡᠭᠳᠡᠵᠦ ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ | ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠭᠰᠡᠨ ᠪᠠᠶᠢᠨ᠎ᠠ ᠭᠡᠵᠡᠢ ᠃ ᠮᠡᠳᠡᠭᠦᠯᠦᠯᠲᠡ ᠳᠤ ᠱᠠᠭᠠᠷᠳᠠᠬᠤ ᠳᠠᠭᠠᠨ ᠂ 2024 ᠣᠨ ᠳᠤ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ ᠂ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠳᠤᠭᠤᠰᠢᠯᠠᠭᠤᠯᠤᠨ ᠂ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠪᠠ ᠰᠢᠢᠳᠪᠦᠷᠢᠯᠡᠭᠰᠡᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠰᠠᠨᠠᠯ ᠳᠤᠷᠠᠳᠤᠯᠭ᠎ᠠ ᠶᠢᠨ ᠠᠬᠢᠭᠤᠯᠬᠤ ᠦᠢᠯᠡᠳᠦᠯ ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷᠵᠢᠯ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠰᠠᠭᠤᠷᠢ ᠪᠣᠯᠬᠤ ᠦᠢᠯᠡᠳᠦᠯ ᠂ ᠰᠠᠨᠠᠯ ᠰᠠᠨᠠᠭᠤᠯᠭ᠎ᠠ ᠳᠤᠷᠠᠳᠴᠤ ᠳᠦᠷᠦ ᠳᠤ ᠲᠤᠰᠠᠯᠠᠬᠤ ᠪᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠬᠤᠯᠪᠣᠭᠠᠰᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠮᠠᠨ ᠤ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠢ ᠰᠢᠨ᠎ᠡ ᠨᠢᠭᠡᠨ ᠲᠦᠪᠰᠢᠨ ᠳᠤ ᠬᠦᠷᠭᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠰᠠᠨ | ᠵᠡᠭᠦᠨᠭᠠᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠭᠡᠷᠡᠭᠳᠡᠢ ᠭᠡᠵᠡᠢ ᠃ | ᠵᠠᠷᠢᠮ ᠭᠡᠰᠢᠭᠦᠳ ᠪᠠᠰᠠ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ | | | |