| ᠣᠶᠢᠷ᠎ᠠ ᠳᠤ ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ︽ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ︵ ᠳᠣᠷᠣᠭᠰᠢ ︽ ᠰᠠᠨᠠᠯ ︾ ᠭᠡᠵᠦ ᠲᠣᠪᠴᠢᠯᠠᠪᠠ ︶ ᠢ | ᠳᠠᠷᠤᠮᠠᠯᠯᠠᠨ ᠲᠠᠷᠬᠠᠭᠠᠪᠠ ᠃ | ᠣᠶᠢᠯᠠᠭᠠᠭᠰᠠᠨ ᠢᠶᠠᠷ ᠂ ︽ ᠰᠠᠨᠠᠯ ︾ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠥᠭᠡᠷᠡᠴᠢᠯᠡᠨ | ᠲᠡᠭᠦᠯᠳᠡᠷᠵᠢᠭᠦᠯᠬᠦ ᠶᠢ ᠳᠡᠮᠵᠢᠬᠦ ᠂ ᠠᠭᠤᠷᠬᠠᠢ ᠮᠠᠯᠲᠠᠬᠤ ᠵᠢᠴᠢ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠰᠦᠯ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ | ᠴᠢᠩᠭᠠᠳᠬᠠᠬᠤ ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠤᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠬᠦ | ᠬᠡᠷᠡᠭᠴᠡᠭᠡ ᠶᠢ ᠪᠠᠲᠤᠯᠠᠬᠤ ᠂ ᠨᠡᠶᠢᠭᠡᠮ ᠤᠨ ᠪᠡᠯᠡ ᠮᠥᠩᠭᠦ ᠶᠢ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠣᠯᠴᠠᠭᠤᠯᠬᠤ ᠲᠤᠷᠰᠢᠯᠲᠠ ᠶᠢ ᠥᠷᠨᠢᠭᠦᠯᠬᠦ ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ ᠡᠷᠴᠢᠮᠵᠢᠭᠦᠯᠬᠦ ᠂ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠂ ᠨᠡᠭᠦᠷᠡᠰᠦᠨ ᠤ ᠳᠠᠭᠠᠯᠲᠠ ᠡᠬᠢ ᠪᠠᠶᠠᠯᠢᠭ ᠤᠳ ᠢ ᠶᠡᠷᠦᠩᠬᠡᠶᠢᠯᠡᠨ ᠨᠡᠭᠡᠭᠡᠨ | ᠠᠰᠢᠭᠯᠠᠬᠤ ᠶᠢ ᠵᠣᠷᠢᠭᠵᠢᠭᠤᠯᠬᠤ ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ 8 ᠲᠠᠯ᠎ᠠ ᠠᠴᠠ 20 | ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠡᠢ ᠃ ᠡᠭᠦᠨ ᠤ ᠬᠠᠮᠲᠤ ᠲᠥᠷᠥ ᠶᠢᠨ ᠪᠣᠳᠣᠯᠭ᠎ᠠ ᠂ ᠲᠥᠰᠦᠯ ᠂ ᠪᠡᠯᠡ ᠮᠥᠩᠭᠦ ᠵᠡᠷᠭᠡ ᠲᠠᠯ᠎ᠠ ᠪᠠᠷ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠥᠪᠥᠷ ᠮᠣᠩᠭᠤᠯ ᠤᠨ ᠡᠬᠢ | ᠪᠠᠶᠠᠯᠢᠭ ᠤᠨ ᠳᠠᠪᠠᠭᠤᠯᠢᠭ ᠢᠶᠠᠨ ᠴᠢᠨᠠᠭᠰᠢᠳᠠ ᠤᠯᠠᠮ ᠢᠯᠡᠭᠦᠦ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠨᠢ ᠦᠨᠡᠨ ᠬᠦ | ᠠᠬᠢᠭᠤᠯᠤᠨ᠎ᠠ ᠭᠡᠵᠡᠢ ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ︽ | ᠰᠠᠨᠠᠯ ︾ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭᠠᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ ᠂ ᠥᠪᠥᠷ | ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ ᠂ ︽ ᠰᠢᠨ᠎ᠡ ᠵᠠᠮ ᠨᠡᠭᠡᠭᠡᠵᠦ ᠂ ᠳᠤᠮᠳᠠ ᠲᠦᠪᠰᠢᠨ ᠳᠤ ᠣᠷᠣᠬᠤ ︾ ᠬᠠᠷᠠᠯᠲᠠ ᠶᠢ | ᠪᠡᠶᠡᠯᠡᠭᠦᠯᠬᠦ ᠳᠤ ᠢᠳᠡᠪᠬᠢᠲᠡᠢ ᠠᠬᠢᠭᠤᠯᠬᠤ ᠪᠠ ᠪᠠᠲᠤᠯᠠᠬᠤ ᠦᠢᠯᠡᠳᠦᠯ ᠦᠵᠡᠭᠦᠯᠬᠦ ᠪᠣᠯᠣᠨ᠎ᠠ ᠃ ᠳᠠᠷᠠᠭᠠᠴᠢ ᠪᠠᠷ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠡᠨᠡ ᠬᠦ ᠠᠵᠠ ᠲᠣᠬᠢᠶᠠᠯ ᠢ ᠠᠮᠵᠢᠨ ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ ᠂ ᠠᠵᠢᠯ ᠤᠨ ᠲᠥᠰᠥᠯ | ᠲᠣᠭᠲᠠᠭᠠᠨ ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ︽ ᠰᠠᠨᠠᠯ ︾ ᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ ᠂ | ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠠᠮᠢ ᠠᠬᠤᠢ ᠂ ᠡᠨᠧᠷᠭᠢ ᠂ ᠠᠮᠤ ᠪᠤᠳᠠᠭ᠎ᠠ ᠂ ᠠᠵᠤ ᠦᠢᠯᠡᠰ ᠬᠢᠭᠡᠳ ᠬᠢᠯᠢ ᠬᠢᠵᠠᠭᠠᠷ ᠤᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠣᠯᠣᠨ᠎ᠠ ᠃ | |