| 2 ᠰᠠᠷ᠎ᠠ ᠶᠢᠨ 27 ᠤ ᠦᠳᠡ ᠶᠢᠨ ᠬᠤᠶᠢᠨ᠎ᠠ ᠂ ᠰᠤᠷᠪᠤᠯᠵᠢᠯᠠᠭᠴᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠨᠡᠶᠢᠲᠡ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ | ᠣᠯᠵᠤ ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 18 ᠠᠯᠲᠠᠨ ᠮᠧᠳᠠᠯ ᠂ 17 ᠮᠥᠩᠭᠦᠨ ᠮᠧᠳᠠᠯ ᠂ 24 ᠬᠦᠷᠡᠯ ᠮᠧᠳᠠᠯ ᠤᠨ ᠬᠢᠷᠢ ᠪᠦᠲᠦᠮᠵᠢ ᠪᠠᠷ | ᠲᠡᠦᠬᠡ ᠶᠢᠨ ᠬᠠᠮᠤᠭ ᠤᠨ ᠰᠠᠶᠢᠨ ᠲᠡᠮᠳᠡᠭᠯᠡᠯ ᠢ ᠡᠭᠦᠳᠴᠡᠢ ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠦ᠋ ᠪᠦᠸᠧ ᠵᠢᠶᠦ᠋ᠨ ᠤ ᠲᠠᠨᠢᠯᠴᠠᠭᠤᠯᠤᠭᠰᠠᠨ ᠢᠶᠠᠷ ᠂ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠡᠯ᠎ᠡ ᠲᠥᠷᠥᠯ ᠤᠨ | ᠵᠣᠴᠢᠳ ᠤᠨ ᠬᠡᠷᠡᠭᠴᠡᠭᠡ ᠶᠢ ᠭᠦᠢᠴᠡᠳ ᠪᠣᠯᠳᠣᠯᠬᠢᠯᠠᠵᠤ ᠂ ᠠᠵᠢᠯ ᠲᠥᠷᠥᠯ ᠢᠶᠠᠷ ᠵᠣᠴᠢᠯᠠᠬᠤ ᠪᠠᠲᠤᠯᠠᠭ᠎ᠠ ᠶᠢᠨ ᠲᠥᠰᠥᠯ ᠢ ᠲᠥᠷᠥᠯ ᠬᠤᠪᠢᠶᠠᠨ ᠨᠢᠮᠪᠠᠢ | ᠲᠣᠭᠲᠠᠭᠠᠵᠤ ᠂ 41 ᠲᠣᠭᠲᠠᠭᠰᠠᠨ ᠴᠡᠭ ᠤᠨ ᠪᠠᠭᠤᠳᠠᠯ ᠳᠤ ᠨᠡᠶᠢᠲᠡ 1.06 ᠲᠦᠮᠡᠨ ᠬᠥᠮᠥᠨ ᠤᠳᠠᠭ᠎ᠠ ᠶᠢ ᠬᠦᠯᠢᠶᠡᠨ ᠠᠪᠴᠤ ᠵᠣᠴᠢᠯᠠᠵᠠᠢ ᠃ ᠡᠯ᠎ᠡ | ᠤᠷᠤᠯᠳᠤᠭᠠᠨ ᠤ ᠲᠣᠭᠤᠷᠢᠭ ᠨᠢ ︽ ᠬᠠᠮᠤᠭ ᠤᠨ ᠣᠬᠤᠷ ᠴᠠᠭ ᠂ ᠬᠠᠮᠤᠭ ᠤᠨ ᠰᠠᠶᠢᠨ ᠵᠠᠮ ᠱᠤᠭᠤᠮ ︾ ᠪᠠᠶᠢᠬᠤ ᠵᠠᠷᠴᠢᠮ ᠶᠣᠰᠣᠭᠠᠷ ᠂ ᠤᠷᠤᠯᠳᠤᠭᠠᠨ ᠤ | ᠬᠤᠭᠤᠴᠠᠭᠠᠨ ᠳᠠᠬᠢ ᠵᠠᠮ ᠬᠠᠷᠢᠯᠴᠠᠭᠠᠨ ᠤ ᠱᠤᠭᠤᠮ ᠢ ᠲᠥᠯᠥᠪᠵᠢᠭᠦᠯᠵᠦ ᠂ ᠠᠵᠢᠯ ᠤᠨ ᠲᠤᠰᠬᠠᠢ ᠠᠩᠭᠢ ᠶᠢ ᠲᠣᠮᠢᠯᠠᠨ ᠰᠠᠭᠤᠯᠭᠠᠵᠤ ᠂ ᠵᠠᠮ ᠬᠠᠷᠢᠯᠴᠠᠭᠠᠨ ᠤ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠵᠤ ᠂ ᠤᠷᠤᠯᠳᠤᠭᠠᠨ ᠤ ᠬᠤᠭᠤᠴᠠᠭᠠᠨ ᠳᠤ ᠨᠡᠶᠢᠲᠡᠯᠡᠭᠰᠡᠨ 4400 ᠭᠠᠷᠤᠢ ᠲᠡᠷᠭᠡ ᠤᠳᠠᠭ᠎ᠠ ᠲᠣᠮᠢᠯᠠᠨ ᠂ | 13.7 ᠲᠦᠮᠡᠨ ᠬᠥᠮᠥᠨ ᠤᠳᠠᠭ᠎ᠠ ᠳᠤ ᠲᠦᠷᠭᠡᠨ ᠳᠥᠲᠡ ᠪᠥᠭᠡᠳ ᠥᠨᠳᠥᠷ ᠪᠦᠲᠦᠮᠵᠢᠲᠡᠢ ᠶᠠᠪᠤᠵᠤ ᠰᠠᠭᠤᠬᠤ ᠦᠢᠯᠡᠴᠢᠯᠡᠭᠡ ᠬᠠᠩᠭᠠᠪᠠ ᠃ 2000 ᠰᠠᠶᠢᠨ | ᠳᠤᠷᠠᠴᠤᠳ ᠤᠨ ︽ ᠮᠥᠰᠥ ᠴᠠᠰᠤᠨ ᠪᠦᠯᠬᠦᠮ ︾ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠳᠤ ᠬᠠᠯᠠᠭᠤᠨ ᠦᠢᠯᠡᠴᠢᠯᠡᠭᠡ ᠬᠠᠩᠭᠠᠪᠠ ᠃ ᠲᠤᠰᠬᠠᠢ ᠮᠡᠷᠭᠡᠵᠢᠯᠲᠡᠨ ᠢ ᠲᠣᠮᠢᠯᠠᠨ ᠰᠠᠭᠤᠯᠭᠠᠵᠤ ᠂ ᠠᠯᠤᠰ ᠠᠴᠠ ᠬᠠᠮᠲᠤᠷᠠᠨ ᠣᠨᠣᠰᠢᠯᠠᠬᠤ ᠂ ᠠᠭᠠᠷ ᠤᠨ | ᠲᠡᠭᠡᠭᠡᠪᠦᠷᠢ ᠪᠠᠷ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠵᠤ ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ 23 ᠲᠣᠭᠲᠠᠭᠠᠵᠤ ᠂ 980 ᠬᠥᠮᠥᠨ | ᠪᠦᠬᠦᠢ ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠪᠠ ᠃ ᠳᠥᠷᠪᠡᠳᠦᠭᠡᠷ ᠳᠡᠰ ᠤᠨ ᠠᠮᠤᠷ ᠢ ᠬᠠᠮᠠᠭᠠᠯᠠᠬᠤ ᠵᠢᠯᠣᠭᠤᠳᠬᠤ | ᠰᠢᠰᠲ᠋ᠧᠮ ᠢ ᠪᠠᠶᠢᠭᠤᠯᠵᠤ ᠂ ᠡᠳᠦᠷ ᠳᠤᠮᠳᠠᠴᠢ ᠪᠠᠷ 1800 ᠭᠠᠷᠤᠢ ᠬᠥᠮᠥᠨ ᠤᠳᠠᠭ᠎ᠠ ᠶᠢᠨ ᠴᠠᠭᠳᠠᠭᠠᠨ ᠤ ᠬᠦᠴᠦᠨ ᠲᠣᠬᠢᠷᠠᠭᠤᠯᠵᠤ ᠂ ᠠᠮᠤᠷ ᠲᠦᠪᠰᠢᠨ | ᠲᠣᠭᠲᠠᠭᠤᠨ ᠤᠷᠤᠯᠳᠤᠭᠠᠨ ᠡᠷᠬᠢᠯᠡᠬᠦ ᠪᠠ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠵᠠᠢ ᠭᠡᠪᠡ ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠠᠶᠢᠩᠭᠤ ᠶᠢᠨ ᠳᠡᠳ᠋ ᠨᠠᠷᠢᠨ | ᠪᠢᠴᠢᠭ ᠤᠨ ᠳᠠᠷᠤᠭ᠎ᠠ ᠵᠠᠩ ᠰᠢᠨ ᠲᠠᠨᠢᠯᠴᠠᠭᠤᠯᠬᠤ ᠳᠠᠭᠠᠨ ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠠᠩᠬ᠎ᠠ ᠤᠳᠠᠭ᠎ᠠ ᠮᠤᠵᠢ | ᠣᠷᠣᠨ ᠬᠤᠲᠠ ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ ᠂ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ | 26 ᠲᠥᠯᠥᠭᠡᠯᠡᠭᠴᠢᠳ ᠤᠨ ᠪᠦᠯᠬᠦᠮ ᠠᠯᠲᠠᠨ ᠮᠧᠳᠠᠯ ᠣᠯᠵᠤ ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠥᠯᠥᠭᠡᠯᠡᠭᠴᠢᠳ ᠤᠨ ᠪᠦᠯᠬᠦᠮ ᠤᠨ ᠲᠤᠭ᠎ᠠ ᠂ ᠠᠯᠲᠠᠨ | ᠮᠧᠳᠠᠯ ᠱᠠᠩᠨᠠᠯ ᠤᠨ ᠮᠧᠳᠠᠯ ᠤᠨ ᠬᠠᠮᠤᠷᠤᠭᠰᠠᠨ ᠬᠡᠪᠴᠢᠶ᠎ᠡ ᠶᠡᠭᠡ ᠪᠠᠷ ᠳᠡᠭᠡᠭᠰᠢᠯᠡᠪᠡ ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠨ ᠂ ᠬᠢᠷᠢ ᠲᠦᠪᠰᠢᠨ ᠢ ᠰᠢᠯᠭᠠᠨ ᠪᠠᠶᠢᠴᠠᠭᠠᠬᠤ ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ ᠂ ᠰᠢᠨ᠎ᠡ | ᠬᠥᠮᠥᠨ ᠢ ᠢᠯᠡᠷᠡᠭᠦᠯᠬᠦ ᠪᠠ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ ᠪᠣᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ ᠭᠡᠪᠡ ᠃ | | |