| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4 ᠤ ᠴᠠᠭᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠂ ︽ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︾ ︵ ᠳᠣᠷᠣᠭᠰᠢ ︽ ᠳᠦᠷᠢᠮ ︾ ᠭᠡᠵᠦ ᠲᠣᠪᠴᠢᠯᠠᠨ᠎ᠠ ︶ ᠢ ᠨᠡᠶᠢᠲᠡᠯᠡᠵᠦ ᠂ 2024 ᠣᠨ ᠤ 5 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠪᠣᠯ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠨ ᠪᠠᠭᠠᠰᠬᠠᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ | ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠬᠦ | ᠴᠢᠬᠤᠯᠠ ᠲᠦᠷᠦ ᠶᠢᠨ ᠪᠣᠳᠣᠯᠭ᠎ᠠ ᠶᠢᠨ ᠪᠠᠭᠠᠵᠢ ᠮᠥᠨ ᠃ ᠲᠤᠰᠬᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠬᠤ ᠪᠠᠷ ᠳᠠᠮᠵᠢᠭᠤᠯᠤᠨ ᠪᠦᠭᠦ ᠤᠯᠤᠰ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠬᠠᠮᠢᠶᠠᠷᠤᠯᠲᠠ ᠳᠤ ᠲᠣᠳᠣᠷᠬᠠᠢ ᠬᠠᠤᠯᠢ ᠴᠠᠭᠠᠵᠠ ᠶᠢᠨ | ᠦᠨᠳᠦᠰᠦ ᠪᠠᠷᠢᠮᠲᠠ ᠬᠠᠩᠭᠠᠵᠤ ᠂ ᠲᠡᠭᠦᠨ ᠤ ᠡᠷᠡᠭᠦᠯ ᠢᠶᠠᠷ ᠬᠥᠭᠵᠢᠬᠦ ᠶᠢ ᠪᠠᠲᠤᠯᠠᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ︽ ᠳᠦᠷᠢᠮ ︾ | ᠨᠢ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠪᠠᠷᠢᠮᠲᠠᠯᠠᠨ ᠂ ᠦᠨᠳᠦᠰᠦᠨ ᠳᠦᠷᠢᠮ ᠤᠨ ᠪᠣᠷᠣ ᠲᠥᠯᠥᠪ ᠢ | ᠪᠠᠶᠢᠭᠤᠯᠬᠤ ᠪᠠᠷ ᠭᠤᠣᠯᠳᠠᠯᠭ᠎ᠠ ᠪᠤᠯᠭᠠᠵᠤ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠴᠢᠳᠠᠮᠵᠢ ᠶᠢ | ᠪᠠᠳᠠᠷᠠᠭᠤᠯᠬᠤ ᠶᠢ ᠪᠠᠲᠤᠯᠠᠪᠠ ᠃ ︽ ᠳᠦᠷᠢᠮ ︾ ᠨᠢ ᠨᠡᠶᠢᠲᠡ 33 ᠵᠦᠢᠯ ᠪᠠᠶᠢᠵᠤ ᠂ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ ᠃ | ᠨᠢᠭᠡ ᠳᠤ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠢᠴᠢ ᠬᠤᠯᠪᠣᠭᠳᠠᠯ | ᠪᠦᠬᠦᠢ ᠠᠵᠢᠯᠯᠠᠭ᠎ᠠ ᠶᠢᠨ ᠬᠠᠮᠢᠶᠠᠷᠤᠯᠲᠠ ᠶᠢ ᠲᠣᠳᠣᠷᠬᠠᠶᠢᠯᠠᠬᠤ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠪᠠ | ᠤᠯᠤᠰ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠬᠡᠷᠡᠭᠲᠡᠢ ᠃ | ᠬᠤᠶᠠᠷ ᠲᠤ ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠪᠠ ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠣᠷᠴᠢᠨ | ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ | ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠬᠤ ᠪᠠᠷ ᠲᠣᠭᠲᠠᠭᠠᠪᠠ ᠃ | ᠭᠤᠷᠪᠠ ᠳᠤ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠦᠨᠳᠦᠰᠦᠨ ᠳᠦᠷᠢᠮ ᠤᠨ ᠪᠣᠷᠣ ᠲᠥᠯᠥᠪ ᠢ | ᠪᠠᠶᠢᠭᠤᠯᠪᠠ ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠳᠠᠩᠰᠠᠯᠠᠬᠤ ᠪᠠᠶᠢᠭᠤᠯᠤᠮᠵᠢ ᠪᠠ ᠠᠷᠠᠯᠵᠢᠶᠠᠨ ᠤ ᠪᠠᠶᠢᠭᠤᠯᠤᠮᠵᠢ ᠶᠢᠨ ᠬᠠᠤᠯᠢ | ᠴᠠᠭᠠᠵᠠ ᠶᠢᠨ ᠪᠠᠶᠢᠷᠢ ᠰᠠᠭᠤᠷᠢ ᠪᠠ ᠡᠭᠦᠷᠭᠡ ᠬᠠᠷᠢᠭᠤᠴᠠᠯᠭ᠎ᠠ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠬᠠᠮᠤᠷᠬᠤ ᠬᠡᠪᠴᠢᠶ᠎ᠡ ᠵᠢᠴᠢ | ᠠᠷᠠᠯᠵᠢᠶᠠᠯᠠᠬᠤ ᠦᠢᠯᠡᠳᠬᠦᠨ ᠂ ᠠᠷᠠᠯᠵᠢᠶᠠᠯᠠᠬᠤ ᠭᠤᠣᠯ ᠴᠣᠭᠴᠠ ᠪᠠ ᠠᠷᠠᠯᠵᠢᠶᠠᠯᠠᠬᠤ ᠠᠷᠭ᠎ᠠ ᠮᠠᠶ᠋ᠢᠭ ᠢ ᠲᠣᠳᠣᠷᠬᠠᠶᠢᠯᠠᠵᠤ ᠂ ᠭᠤᠣᠯᠳᠠᠯᠭ᠎ᠠ ᠲᠠᠢ ᠭᠠᠳᠠᠭᠰᠢᠯᠠᠭᠤᠯᠬᠤ | ᠨᠢᠭᠡᠴᠢ ᠶᠢ ᠲᠣᠭᠲᠠᠭᠠᠬᠤ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠤᠪᠢᠶᠠᠷᠢᠯᠠᠬᠤ ᠂ ᠣᠨ ᠤ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠ ᠬᠠᠷᠭᠤᠭᠤᠯᠤᠨ ᠪᠠᠶᠢᠴᠠᠭᠠᠬᠤ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢᠨ ᠬᠤᠪᠢᠶᠠᠷᠢᠯᠠᠬᠤ ᠲᠤᠭ᠎ᠠ ᠶᠢ | ᠢᠯᠭᠠᠷᠠᠭᠤᠯᠤᠨ ᠲᠤᠰᠢᠶᠠᠬᠤ ᠪᠠ ᠵᠠᠬ᠎ᠠ ᠳᠡᠯᠭᠡᠭᠦᠷ ᠤᠨ ᠠᠷᠠᠯᠵᠢᠶ᠎ᠠ ᠵᠡᠷᠭᠡ ᠵᠦᠢᠯ ᠢ ᠲᠣᠳᠣᠷᠬᠠᠶᠢᠯᠠᠪᠠ ᠃ | ᠳᠥᠷᠪᠡ ᠳᠤ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ | ᠰᠢᠢᠳᠬᠡᠨ᠎ᠡ ᠃ ᠭᠤᠣᠯᠳᠠᠭᠤ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠂ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠬᠤ ᠂ ᠰᠢᠢᠳᠬᠡᠨ ᠲᠣᠷᠭᠠᠬᠤ | ᠡᠷᠴᠢᠮ ᠢ ᠨᠡᠮᠡᠭᠳᠡᠭᠦᠯᠬᠦ ᠵᠡᠷᠭᠡ ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠪᠠ ᠃ | |