| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 | ᠰᠠᠷ᠎ᠠ ᠶᠢᠨ 29 ᠤ ᠡᠳᠦᠷ ᠬᠤᠷᠠᠯ ᠬᠤᠷᠠᠯᠳᠤᠭᠤᠯᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ ᠵᠠᠰᠠᠭ ᠤᠨ ᠣᠷᠳᠣᠨ ᠤ | ᠠᠵᠢᠯ ᠤᠨ ᠢᠯᠡᠳᠬᠡᠯ ︾ ᠤᠨ ᠨᠣᠣᠷᠠᠭ ᠢ ᠶᠠᠷᠢᠯᠴᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ ᠃ | ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠲᠦᠢᠯ ᠤᠨ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ | ᠬᠥᠭᠵᠢᠯᠲᠡ ᠲᠣᠭᠲᠠᠭᠤᠨ ᠪᠠᠶᠢᠳᠠᠯ ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠭᠠᠳᠠᠭᠠᠳᠤ ᠶᠢᠨ ᠳᠠᠷᠤᠯᠲᠠ ᠶᠢ | ᠲᠤᠯᠵᠤ ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ ᠂ ᠰᠢᠷᠭᠠᠭᠤ ᠴᠢᠷᠮᠠᠶᠢᠯᠭ᠎ᠠ ᠭᠠᠷᠭᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠭᠤᠨ ᠢᠶᠠᠷ ᠱᠠᠲᠤ ᠦᠶ᠎ᠡ ᠰᠢᠯᠵᠢᠭᠦᠯᠵᠦ ᠂ ᠠᠵᠤ ᠠᠬᠤᠢ ᠶᠢ ᠳᠠᠭᠢᠨ ᠳᠡᠭᠡᠭᠰᠢᠯᠡᠭᠦᠯᠵᠦ ᠰᠠᠶᠢᠵᠢᠷᠠᠭᠤᠯᠤᠨ ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠢ ᠪᠥᠭᠡᠳ ᠪᠦᠲᠦᠮᠵᠢᠲᠡᠶ ᠪᠠᠶᠢᠯᠭᠠᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ ᠃ | ᠬᠤᠷᠠᠯ ᠠᠴᠠ ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ ᠂ ︽ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ ᠃ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ | ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠵᠤ ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ | ᠲᠥᠯᠥᠪᠵᠢᠭᠦᠯᠵᠦ ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠦᠨᠡᠨ ᠬᠦ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠤᠨ ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ ᠂ ᠠᠵᠤ ᠠᠬᠤᠢ ᠶᠢᠨ ᠴᠢᠨᠠᠷ ᠴᠢᠨᠰᠠᠭ᠎ᠠ ᠶᠢᠨ ᠪᠦᠲᠦᠮᠵᠢᠲᠡᠶ ᠳᠡᠭᠡᠭᠰᠢᠯᠡᠯᠲᠡ | ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠡᠨᠡ ᠵᠢᠯ ᠤᠨ ᠠᠵᠢᠯ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠵᠤ ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠬᠤ ᠶᠢ ᠪᠠᠷᠢᠮᠲᠠᠯᠠᠬᠤ ᠬᠡᠷᠡᠭᠲᠡᠢ ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠵᠣᠬᠢᠰᠲᠠᠢ ᠬᠦᠴᠦᠯᠡᠵᠦ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠂ ᠲᠣᠭᠲᠠᠭᠤᠨ ᠵᠣᠭᠤᠰᠤᠨ ᠤ ᠲᠦᠷᠦ ᠶᠢᠨ ᠪᠣᠳᠣᠯᠭ᠎ᠠ ᠶᠢ ᠠᠮᠢᠳᠤᠯᠢᠭ | ᠪᠥᠭᠡᠳ ᠲᠣᠬᠢᠷᠠᠮᠵᠢᠲᠠᠢ ᠂ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠵᠤ ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ | ᠴᠢᠩᠭᠠᠳᠬᠠᠵᠤ ᠂ ᠲᠣᠭᠲᠠᠭᠤᠨ ᠪᠥᠭᠡᠳ ᠢᠯᠡ ᠲᠣᠳᠣᠷᠬᠠᠢ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠳᠬᠡᠨ ᠬᠥᠭᠵᠢᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ ᠂ ᠥᠭᠡᠷᠡᠴᠢᠯᠡᠯᠲᠡ ᠶᠢ ᠡᠷᠡᠰ ᠭᠤᠶᠢᠪᠢᠰᠢ | ᠦᠭᠡᠢ ᠪᠠᠷ ᠭᠦᠨᠵᠡᠭᠡᠶᠢᠷᠡᠭᠦᠯᠦᠨ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ ᠃ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠴᠥᠬᠦᠷᠡᠰᠢ | ᠦᠭᠡᠢ ᠰᠠᠶᠢᠲᠤᠷ ᠠᠳᠬᠤᠵᠤ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠬᠤᠳᠠ | ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠢ ᠦᠨᠡᠨ | ᠬᠦ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠬᠦ ᠬᠡᠷᠡᠭᠲᠡᠢ ᠃ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ | ᠰᠢᠷᠭᠠᠭᠤ ᠬᠠᠲᠠᠭᠤᠵᠢᠯᠲᠠᠢ ᠠᠵᠢᠯᠯᠠᠵᠤ ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | | |