| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ ᠬᠡᠪᠯᠡᠭᠳᠡᠭᠰᠡᠨ 5 ᠳ᠋ᠤᠭᠠᠷ ᠬᠤᠭᠤᠴᠠᠭᠠᠨ ᠤ | ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠵᠥᠪᠯᠡᠬᠦ ᠠᠷᠠᠳᠴᠢᠯᠠᠯ ᠢ ᠪᠦᠭᠦ | ᠲᠠᠯ᠎ᠠ ᠪᠠᠷ ᠬᠥᠭᠵᠢᠭᠦᠯᠦᠶ᠎ᠡ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 2 ᠰᠠᠷ᠎ᠠ ᠠᠴᠠ | 2023 ᠣᠨ ᠤ 6 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ ᠃ | ᠵᠣᠬᠢᠶᠠᠯ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠯᠧᠨᠢᠨ ᠤ ᠦᠵᠡᠯ ᠤᠨ ᠨᠢᠭᠡᠳᠦᠮᠡᠯ | ᠹᠷᠣᠨᠲ ᠤᠨ ᠤᠨᠤᠯ ᠂ ᠲᠦᠷᠦ ᠶᠢᠨ ᠨᠠᠮ ᠤᠨ ᠤᠨᠤᠯ ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ ᠂ ᠨᠠᠮ | ᠪᠦᠯᠦᠭ ᠤᠨ ᠪᠤᠰᠤ ᠬᠥᠮᠥᠰ ᠂ ᠠᠷᠠᠳ ᠤᠨ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠤᠳᠤᠷᠢᠳᠤᠨ ᠤᠯᠤᠰ ᠲᠦᠷᠦ ᠶᠢᠨ | ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ ᠂ ᠨᠠᠮ ᠪᠠ ᠲᠦᠷᠦ ᠶᠢᠨ ᠭᠤᠣᠯ ᠡᠭᠦᠷᠭᠡ ᠳᠤ | ᠦᠢᠯᠡᠴᠢᠯᠡᠵᠦ ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠡᠯ᠎ᠡ ᠲᠡᠦᠬᠡᠨ | ᠴᠠᠭ ᠦᠶ᠎ᠡ ᠳᠤ ᠲᠦᠢᠯ ᠤᠨ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠨᠢ ᠤᠯᠠᠨ | ᠲᠠᠯ᠎ᠠ ᠶᠢᠨ ᠥᠪᠡᠷᠮᠢᠴᠡ ᠳᠠᠪᠠᠭᠤᠯᠢᠭ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠲᠤᠷᠰᠢᠯᠭ᠎ᠠ ᠪᠠᠨ ᠳ᠋ᠦᠩᠨᠡᠵᠦ ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠴᠠᠢ ᠂ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠤᠢ ᠃ ᠨᠢᠭᠡ ᠳᠤ ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ ᠃ ᠬᠤᠶᠠᠷ ᠲᠤ ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠤᠨᠤᠪᠴᠢᠳᠠᠢ ᠡᠵᠡᠮᠳᠡᠬᠦ ᠬᠡᠷᠡᠭᠲᠡᠢ ᠃ ᠭᠤᠷᠪᠠ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠃ ᠳᠥᠷᠪᠡ ᠳᠤ ᠂ ᠮᠠᠨ ᠤ ᠤᠯᠤᠰ ᠤᠨ ᠰᠢᠨ᠎ᠡ ᠮᠠᠶ᠋ᠢᠭ ᠤᠨ ᠲᠦᠷᠤ ᠶᠢᠨ | ᠨᠠᠮ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ ᠃ ᠲᠠᠪᠤ ᠳᠤ ᠂ ᠬᠥᠮᠥᠨ ᠤ ᠰᠡᠳᠬᠢᠯ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠃ | ᠵᠢᠷᠭᠤᠭ᠎ᠠ ᠳᠤ ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ | ᠲᠤᠯᠤᠭ᠎ᠠ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ ᠃ ᠨᠠᠢᠮᠠ ᠳᠤ ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠃ | ᠰᠢᠨ᠎ᠡ ᠪᠠᠶᠢᠳᠠᠯ ᠤᠨ ᠳᠣᠣᠷ᠎ᠠ ᠂ ᠪᠢᠳᠡ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠢ ᠰᠠᠶᠢᠲᠤᠷ ᠪᠠᠷᠢᠮᠲᠠᠯᠠᠵᠤ ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ ᠂ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ | ᠨᠡᠩ ᠤᠯᠠᠨ ᠬᠥᠮᠥᠰ ᠢ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ | ᠬᠢᠬᠦ ᠳᠦᠷᠢᠮ ᠨᠢ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠲᠦᠷᠦ ᠶᠢᠨ ᠳᠦᠷᠢᠮ ᠪᠣᠯᠤᠭᠰᠠᠨ ᠤ ᠬᠤᠪᠢ ᠳᠤ ᠂ ᠳᠤᠮᠳᠠᠳᠤ ᠤᠯᠤᠰ ᠤᠨ ᠬᠥᠷᠥᠰᠥ | ᠰᠢᠷᠣᠢ ᠠᠴᠠ ᠪᠤᠢ ᠪᠣᠯᠤᠭᠰᠠᠨ ᠰᠢᠨ᠎ᠡ ᠮᠠᠶ᠋ᠢᠭ ᠤᠨ ᠲᠦᠷᠦ ᠶᠢᠨ ᠨᠠᠮ ᠤᠨ ᠳᠦᠷᠢᠮ ᠪᠣᠯᠣᠨ᠎ᠠ ᠃ ᠲᠡᠷᠡ ᠨᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠨᠡᠶᠢᠴᠡᠬᠦ ᠪᠥᠭᠡᠳ ᠪᠠᠰᠠ ᠳᠤᠮᠳᠠᠳᠤ ᠶᠢᠨ ᠦᠨᠳᠦᠰᠦᠲᠡᠨ ᠤ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠳᠡᠯᠡᠬᠡᠢ ᠳ᠋ᠠᠬᠢᠨ ᠢ ᠨᠡᠶᠢᠲᠡ ᠶᠢᠨ ᠪᠤᠯᠭᠠᠬᠤ ᠂ | ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠬᠦ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠲᠠᠢ | ᠨᠡᠶᠢᠴᠡᠵᠦ ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠣᠯᠪᠠᠰᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠂ | ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠠᠷᠠᠳᠴᠢᠯᠠᠯ ᠢ ᠪᠠᠳᠠᠷᠠᠭᠤᠯᠬᠤ ᠪᠠ | ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ | ᠪᠤᠯᠬᠤ ᠦᠢᠯᠡᠳᠦᠯ ᠢ ᠪᠠᠳᠠᠷᠠᠭᠤᠯᠵᠤ ᠂ ᠳᠦᠷᠢᠮᠵᠢᠭᠦᠯᠬᠦ ᠂ ᠵᠢᠷᠤᠮᠵᠢᠭᠤᠯᠬᠤ ᠂ ᠳᠡᠰ ᠳᠠᠷᠠᠭᠠᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠬᠦ ᠬᠡᠷᠡᠭᠲᠡᠢ ᠃ ᠵᠥᠪᠯᠡᠬᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠵᠥᠪᠯᠡᠬᠦ ᠶᠠᠪᠤᠴᠠ ᠳᠠᠭᠠᠨ ᠥᠷᠭᠡᠨ ᠳᠡᠯᠭᠡᠷ | ᠪᠦᠯᠬᠦᠮᠳᠡᠯ ᠢ ᠠᠬᠢᠭᠤᠯᠵᠤ ᠂ ᠤᠯᠠᠨ ᠨᠠᠮ ᠬᠠᠮᠲᠤᠷᠠᠨ ᠠᠵᠢᠯᠯᠠᠬᠤ ᠶᠢ ᠠᠬᠢᠭᠤᠯᠵᠤ ᠂ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ ᠂ ᠲᠡᠦᠬᠡ ᠶᠢᠨ | ᠤᠯᠠᠮᠵᠢᠯᠠᠯ ᠢ ᠵᠠᠯᠭᠠᠮᠵᠢᠯᠠᠬᠬᠤ ᠪᠥᠭᠡᠳ ᠪᠠᠰᠠ ᠴᠠᠭ ᠦᠶ᠎ᠡ ᠶᠢᠨ ᠣᠨᠴᠠᠯᠢᠭ ᠢ ᠲᠤᠰᠬᠠᠵᠤ ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠤᠨ ᠤᠴᠢᠷ | ᠶᠠᠪᠤᠳᠠᠯ ᠪᠠᠶᠢᠪᠠᠯ ᠢᠯᠡᠭᠦᠦ ᠵᠥᠪᠳᠡᠯᠴᠡᠵᠦ ᠂ ᠤᠴᠢᠷ ᠶᠠᠪᠤᠳᠠᠯ ᠲᠣᠬᠢᠶᠠᠯᠳᠤᠪᠠᠯ ᠢᠯᠡᠭᠦᠦ ᠵᠥᠪᠳᠡᠯᠴᠡᠵᠦ ᠂ ᠤᠴᠢᠷ ᠶᠠᠪᠤᠳᠠᠯ ᠬᠢᠪᠡᠯ ᠢᠯᠡᠭᠦᠦ ᠵᠥᠪᠳᠡᠯᠴᠡᠬᠦ | ᠣᠨᠴᠠᠯᠢᠭ ᠪᠠ ᠳᠠᠪᠠᠭᠤᠯᠢᠭ ᠢ ᠭᠦᠢᠴᠡᠳ ᠢᠯᠡᠷᠡᠭᠦᠯᠬᠦ ᠬᠡᠷᠡᠭᠲᠡᠢ ᠃ ᠵᠥᠪᠯᠡᠬᠦ ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ ᠂ ᠲᠦᠷᠦ ᠶᠢᠨ ᠨᠠᠮ ᠤᠨ | ᠵᠥᠪᠯᠡᠯᠭᠡ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠂ ᠵᠠᠰᠠᠭ ᠤᠨ ᠣᠷᠳᠣᠨ ᠤ ᠵᠥᠪᠯᠡᠯᠭᠡ ᠂ ᠤᠯᠤᠰ ᠲᠦᠷᠦ ᠶᠢᠨ ᠵᠥᠪᠯᠡᠯᠭᠡᠨ ᠤ | ᠵᠥᠪᠯᠡᠯᠭᠡ ᠂ ᠠᠷᠠᠳ ᠤᠨ ᠪᠦᠯᠭᠦᠮ ᠤᠨ ᠵᠥᠪᠯᠡᠯᠭᠡ ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠬᠦ ᠲᠠᠪᠴᠠᠩ ᠢ ᠪᠦᠷᠢᠨᠰᠢᠭᠦᠯᠵᠦ ᠂ ᠵᠥᠪᠯᠡᠬᠦ ᠠᠷᠠᠳᠴᠢᠯᠠᠯ ᠤᠨ ᠥᠷᠭᠡᠨ | ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | | | |