| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ | ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠬᠤᠷᠠᠯ ᠠᠴᠠ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ ᠂ ᠨᠢᠭᠡ ᠰᠡᠳᠬᠢᠯ ᠨᠢᠭᠡ ᠵᠣᠷᠢᠭ ᠢᠶᠠᠷ ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ ᠃ | | 3 ᠰᠠᠷ᠎ᠠ ᠶᠢᠨ 10 ᠤ ᠡᠳᠦᠷ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠰᠢ ᠶᠢᠨ ᠫᠢᠩ ᠂ ᠯᠢ ᠴᠢᠶᠠᠩ ᠂ ᠵᠤᠤ | ᠯᠧ ᠵᠢᠢ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠬᠤᠷᠠᠯ ᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠬᠢᠯᠡᠪᠡ ᠃ ᠪᠦᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ ᠂ ᠬᠤ᠋ ᠴᠦᠨ ᠬᠤᠸᠠ ᠂ ᠱᠧᠨ ᠶᠤᠸᠠᠢ ᠶᠤᠸᠠᠢ ᠂ ᠸᠠᠩ ᠶᠦᠩ ᠂ ᠵᠧᠦ ᠴᠢᠶᠠᠩ ᠂ ᠫᠠᠪᠠᠯᠠ · ᠭᠧᠯᠧᠭᠨᠠᠮᠵᠢᠯ ᠂ | ᠾᠧ ᠾᠧᠦ ᠬᠤᠸᠠ ᠂ ᠯᠢᠶᠠᠩ ᠵᠧᠨ ᠶᠢᠩ ᠂ ᠪᠠᠭᠠᠲᠤᠷ ᠂ ᠰᠦ᠋ ᠬᠤᠢ ᠂ ᠱᠣᠣ ᠬᠤᠩ ᠂ ᠭᠤᠣ ᠶᠦᠨ ᠯᠦᠩ ᠂ ᠴᠧᠨ ᠡᠦ ᠂ ᠮᠦ ᠬᠤᠩ ᠂ ᠰᠢᠶᠠᠨ ᠬᠤᠢ ᠂ ᠸᠠᠩ | ᠳ᠋ᠦᠩ ᠹᠧᠩ ᠂ ᠵᠢᠶᠠᠩ ᠰᠢᠨ ᡁᠢ ᠂ ᠵᠢᠶᠠᠩ ᠽᠦᠸᠧ ᠵᠢᠶᠦ᠋ᠨ ᠂ ᠾᠧ ᠪᠣᠣ ᠰᠢᠶᠠᠩ ᠂ ᠸᠠᠩ ᠭᠤᠸᠠᠩ ᠴᠢᠶᠠᠨ ᠂ ᠴᠢᠨ ᠪᠦᠸᠧ ᠶᠦᠩ ᠂ ᠵᠦ ᠶᠦᠩ ᠰᠢᠨ ᠂ ᠶᠠᠩ | ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ ᠃ | | 3 ᠰᠠᠷ᠎ᠠ ᠶᠢᠨ 10 ᠤ ᠡᠳᠦᠷ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠂ ᠯᠢ ᠴᠢᠶᠠᠩ ᠂ ᠵᠣᠣ ᠯᠧ ᠵᠢᠢ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠵᠠᠢ ᠃ | ᠦᠳᠡ ᠶᠢᠨ ᠡᠮᠦᠨᠡᠬᠢ 9 ᠴᠠᠭ ᠲᠤ ᠲᠡᠭᠦᠰᠬᠦ ᠬᠤᠷᠠᠯ ᠡᠬᠢᠯᠡᠪᠡ ᠃ ᠸᠠᠩ ᠬᠤ᠋ ᠨᠢᠩ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠵᠣᠬᠢᠰᠲᠠᠢ ᠭᠡᠰᠢᠭᠦᠨ 2162 | ᠬᠦᠮᠦᠨ ᠪᠤᠢ ᠂ ᠪᠤᠲᠠᠲᠠᠢ ᠣᠷᠣᠯᠴᠠᠭᠰᠠᠨ ᠨᠢ 2085 ᠬᠦᠮᠦᠨ ᠪᠠᠶᠢᠵᠤ ᠂ ᠲᠣᠭᠲᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ ᠃ | ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ ᠂ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ | ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ | ᠵᠥᠪᠯᠡᠯ ᠤᠨ ᠮᠡᠳᠡᠭᠦᠯᠦᠯᠲᠡ ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ | ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ ᠃ | ᠸᠠᠩ ᠬᠤ᠋ ᠨᠢᠩ ᠶᠠᠷᠢᠶᠠᠨ ᠳᠠᠭᠠᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠪᠦᠯᠬᠦᠮᠳᠡᠨ ᠲᠡᠮᠡᠴᠡᠭᠰᠡᠨ | ᠶᠡᠭᠡ ᠬᠤᠷᠠᠯ ᠪᠣᠯᠣᠨ᠎ᠠ ᠂ ᠢᠳᠡᠪᠬᠢ ᠬᠦᠴᠦᠨ ᠢ ᠨᠢᠭᠲᠠᠷᠠᠭᠤᠯᠵᠤ ᠂ ᠴᠤᠭ ᠰᠦᠯᠳᠡ ᠶᠢ ᠬᠥᠪᠴᠢᠯᠡᠵᠡᠢ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ | ᠨᠥᠬᠦᠳ ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠪᠣᠯᠣᠨ ᠲᠡᠭᠦᠰᠬᠦ ᠬᠤᠷᠠᠯ ᠳᠤ ᠣᠷᠣᠯᠴᠠᠵᠤ ᠂ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ ᠂ ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠪᠡ ᠃ ᠪᠦᠭᠦ ᠭᠡᠰᠢᠭᠦᠳ ᠶᠡᠷᠦᠩᠬᠡᠢ ᠱᠦᠵᠢ | ᠰᠢ ᠶᠢᠨ ᠫᠢᠩ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠂ ᠣᠷᠴᠢᠨ ᠲᠣᠭᠤᠷᠢᠨ ᠡᠬᠢ ᠪᠠᠶᠠᠯᠢᠭ ᠤᠨ | ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠵᠡᠷᠭᠡ ᠳᠤ ᠣᠷᠣᠯᠴᠠᠬᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ ᠂ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ | ᠨᠠᠷᠢᠨ ᠬᠢᠨᠠᠮᠠᠭᠠᠢ ᠬᠢᠨᠠᠨ ᠵᠥᠪᠯᠡᠵᠦ ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ ᠦᠷ᠎ᠡ ᠪᠦᠲᠦᠭᠡᠯ ᠣᠯᠪᠠ ᠃ ᠪᠦᠭᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠡᠷᠡᠯᠬᠡᠭᠯᠡᠨ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ ᠂ ︽ ᠳᠤᠮᠳᠠᠳᠤ ᠤᠯᠤᠰ ᠨᠡᠷᠡᠮᠵᠢᠲᠦ ︾ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠡᠷᠡᠯᠬᠡᠭᠯᠡᠨ | ᠤᠷᠤᠭᠰᠢᠯᠠᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ ᠃ ︽ ᠬᠤᠶᠠᠷ ᠢ ᠲᠣᠭᠲᠠᠭᠠᠭᠰᠠᠨ ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠬᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ | ᠪᠦᠭᠦ ᠭᠡᠰᠢᠭᠦᠳ ᠨᠡᠩ ᠭᠦᠨᠵᠡᠭᠡᠢ ᠣᠶᠢᠯᠠᠭᠠᠪᠠ ᠭᠡᠵᠡᠢ ᠃ | ᠸᠠᠩ ᠬᠤ᠋ ᠨᠢᠩ ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠪᠥᠭᠡᠳ ᠠᠷᠠᠳ ᠤᠨ | ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ ᠃ 75 ᠵᠢᠯ ᠤᠨ ᠲᠤᠷᠰᠢ ᠂ ᠨᠠᠮ ᠤᠨ ᠤᠳᠤᠷᠢᠳᠤᠯᠭ᠎ᠠ ᠳᠣᠣᠷ᠎ᠠ ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠰᠢᠨ᠎ᠡ ᠳᠤᠮᠳᠠᠳᠤ ᠤᠯᠤᠰ ᠢ ᠪᠠᠶᠢᠭᠤᠯᠬᠤ ᠂ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠂ ᠥᠭᠡᠷᠡᠴᠢᠯᠡᠯᠲᠡ ᠶᠢᠨ ᠵᠠᠮ ᠢ | ᠰᠦᠪᠡᠭᠴᠢᠯᠡᠬᠦ ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ ᠂ ᠭᠡᠷᠡᠯ ᠰᠠᠴᠤᠷᠠᠩᠭᠤᠢ ᠲᠡᠦᠬᠡᠨ | ᠶᠠᠪᠤᠴᠠ ᠶᠢ ᠥᠩᠭᠡᠷᠡᠭᠦᠯᠪᠡ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ ᠂ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠤᠯᠤᠰ ᠲᠥᠷᠥ ᠶᠢᠨ ᠵᠥᠪᠯᠡᠯᠭᠡ ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠡᠭᠡᠭᠰᠢᠯᠡᠭᠦᠯᠵᠦ ᠂ ᠢᠮᠠᠭᠲᠠ ᠨᠠᠮ ᠪᠠ ᠤᠯᠤᠰ ᠤᠨ ᠠᠵᠢᠯ | ᠦᠢᠯᠡᠰ ᠤᠨ ᠶᠡᠭᠡ ᠲᠠᠯ᠎ᠠ ᠶᠢ ᠪᠣᠳᠣᠯᠬᠢᠯᠠᠨ ᠠᠵᠢᠯ ᠢᠶᠠᠨ ᠥᠷᠨᠢᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ ᠡᠭᠦᠷᠭᠡ ᠴᠢᠳᠠᠪᠬᠢ ᠪᠠᠨ ᠭᠦᠢᠴᠡᠳᠬᠡᠵᠦ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠃ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ | ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠬᠰᠠᠨ ᠡᠯ᠎ᠡ ᠨᠠᠮ ᠪᠦᠯᠦᠭ | ᠪᠦᠯᠭᠦᠮ ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠨᠠᠮ ᠤᠨ ᠦᠭᠡ ᠶᠢ ᠡᠷᠡᠰ ᠪᠠᠲᠤ ᠰᠣᠨᠣᠰᠴᠤ ᠂ ᠨᠠᠮ ᠢᠶᠠᠨ ᠳᠠᠭᠠᠬᠤ ᠶᠢ ᠪᠦᠯᠬᠦᠮᠳᠡᠭᠦᠯᠦᠨ | ᠵᠢᠯᠤᠭᠤᠳᠬᠤ ᠬᠡᠷᠡᠭᠲᠡᠢ ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠬᠤ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠃ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠷᠭᠡᠨ ᠳᠡᠯᠭᠡᠷ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠦ ᠢᠯᠡᠳᠬᠡᠪᠡ ᠃ | ᠸᠠᠩ ᠬᠤ᠋ ᠨᠢᠩ ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ | ᠪᠣᠳᠠᠲᠠᠢ ᠠᠵᠢᠯᠯᠠᠬᠤ ᠂ ᠬᠠᠷᠢᠭᠤᠴᠠᠯᠭ᠎ᠠ ᠡᠭᠦᠷᠭᠡᠯᠡᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠪᠢᠴᠢᠭᠯᠡᠵᠦ ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠢᠯᠡᠳᠬᠡᠪᠡ ᠃ | ᠲᠡᠭᠦᠰᠬᠦ ᠬᠤᠷᠠᠯ ᠳᠤ ᠣᠷᠣᠯᠴᠠᠬᠰᠠᠨ ᠤᠳᠤᠷᠢᠳᠬᠤ ᠨᠥᠬᠦᠳ ᠲᠤ ᠪᠠᠰᠠ ᠄ ᠮᠠ ᠰᠢᠩ ᠷᠦᠢ ᠂ ᠸᠠᠩ ᠢ ᠂ ᠶᠢᠨ ᠯᠢ ᠂ ᠯᠢᠦ ᠭᠦᠸᠧ ᠵᠦᠩ ᠂ ᠯᠢ ᠭᠠᠨ ᠵᠢᠶᠧ ᠂ | ᠯᠢ ᠱᠤ᠋ ᠯᠧᠢ ᠂ ᠯᠢ ᠬᠤᠩ ᠵᠦᠩ ᠂ ᠾᠧ ᠸᠧᠢ ᠳ᠋ᠦᠩ ᠂ ᠾᠧ ᠯᠢ ᠹᠧᠩ ᠂ ᠵᠠᠩ ᠶᠢᠤ ᠰᠢᠶᠠ ᠂ ᠵᠠᠩ ᠭᠦᠸᠧ ᠴᠢᠩ ᠂ ᠴᠧᠨ ᠸᠧᠨ ᠴᠢᠩ ᠂ ᠴᠧᠨ ᠵᠢᠢ ᠨᠢᠩ ᠂ | ᠴᠧᠨ ᠮᠢᠨ ᠡᠯ ᠂ ᠶᠤᠸᠠᠨ ᠵᠢᠶᠠ ᠵᠢᠶᠦ᠋ᠨ ᠂ ᠬᠤᠸᠠᠩ ᠺᠦᠨ ᠮᠢᠩ ᠂ ᠯᠢᠦ ᠶᠢᠨ ᠭᠦᠸᠧ ᠂ ᠸᠠᠩ ᠰᠢᠶᠣᠣ ᠬᠤᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ | ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠾᠧ ᠸᠧᠢ ᠂ ᠦ᠋ ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ ᠴᠢᠩ | ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ᠋ᠢ · ᠵᠠᠺᠧᠯ ᠂ ᠦ᠋ ᠵᠧᠩ ᠯᠦᠩ ᠂ ᠱᠧᠨ ᠢ ᠴᠢᠨ ᠂ ᠵᠠᠩ ᠵᠢᠶᠦ᠋ᠨ ᠂ ᠶᠢᠩ ᠶᠦᠩ ᠨᠠᠷ ᠪᠠᠶᠢᠨ᠎ᠠ ᠃ | ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠬᠤᠷᠠᠯ ᠳᠤ ᠰᠤᠯᠠ ᠣᠷᠣᠯᠴᠠᠵᠠᠢ ᠃ ᠳᠤᠮᠳᠠᠳᠤ ᠤᠯᠤᠰ ᠲᠤ ᠰᠠᠭᠤᠭ᠎ᠠ | ᠭᠠᠳᠠᠭᠠᠳᠤ ᠶᠢᠨ ᠡᠯᠴᠢᠨ ᠰᠠᠶᠢᠳ ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠪᠠ ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ ᠃ | | | |