ᠥᠪᠥᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠦᠰᠦᠯ ᠵᠢᠴᠢ ᠲᠦᠰᠦᠪ ᠤᠨ ᠮᠡᠳᠡᠭᠦᠯᠦᠯᠲᠡ ᠪᠣᠯᠣᠨ ᠲᠦᠰᠦᠯ ᠢ ᠦᠷᠭᠦᠯᠵᠢᠯᠡᠨ ᠬᠢᠨᠡᠨ ᠪᠠᠶᠢᠴᠠᠭᠠᠪᠠ ᠰᠦᠨ ᠱᠣᠤ ᠴᠧᠩ ᠬᠢᠨᠡᠨ ᠵᠥᠪᠯᠡᠬᠦ ᠳᠤ ᠣᠷᠣᠯᠴᠠᠵᠤ ᠸᠠᠩ ᠯᠢ ᠰᠢᠶᠠ ᠦᠭᠡ ᠬᠡᠯᠡᠵᠡᠢ
ᠨᠡᠶᠢᠲᠡᠯᠡᠭᠰᠡᠨ ᠴᠠᠭ᠄
2024/3/11
    3 ᠰᠠᠷ᠎ᠠ ᠶᠢᠨ 7 ᠤ ᠦᠳᠡ ᠶᠢᠨ ᠡᠮᠦᠨ᠎ᠡ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠥᠯᠦᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ ᠂ ᠲᠦᠰᠦᠪ ᠤᠨ ᠮᠡᠳᠡᠭᠦᠯᠦᠯᠲᠡ ᠪᠣᠯᠣᠨ ᠲᠦᠰᠦᠯ ᠢ ᠦᠷᠭᠦᠯᠵᠢᠯᠡᠨ ᠬᠢᠨᠠᠨ ᠪᠠᠶᠢᠴᠠᠭᠠᠪᠠ ᠃    ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ ᠂ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠦᠭᠡ ᠬᠡᠯᠡᠵᠦ ᠂ ᠯᠢᠨ ᠱᠣᠤ ᠴᠦᠨ ᠂ ᠶᠠᠩ ᠶᠢᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠂ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ ᠃    ᠸᠠᠩ ᠯᠢ ᠰᠢᠶᠠ ᠲᠥᠯᠥᠭᠡᠯᠡᠭᠴᠢ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠭᠠᠵᠠᠷ ᠣᠷᠣᠨ ᠤ ᠪᠠᠶᠢᠳᠠᠯ ᠳᠠᠭᠠᠨ ᠳᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠳᠤᠷᠠᠳᠴᠠᠢ ᠂ ᠥᠪᠥᠷ ᠮᠣᠩᠭᠤᠯ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠥᠯᠥᠪᠯᠡᠭᠡ ᠶᠢᠨ ᠮᠡᠳᠡᠭᠦᠯᠦᠯᠲᠡ ᠪᠠ ᠡᠳ᠋ ᠤᠨ ᠵᠠᠰᠠᠭ ᠤᠨ ᠶᠠᠮᠤᠨ ᠤ ᠲᠥᠰᠥᠪ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠃ ᠬᠤᠶᠠᠷ ᠮᠡᠳᠡᠭᠦᠯᠦᠯᠲᠡ ᠶᠢ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠲᠠᠢ ᠨᠢᠭᠡᠲᠦᠯᠲᠡᠢ ᠲᠥᠯᠥᠪᠵᠢᠭᠦᠯᠦᠨ ᠵᠣᠯᠭᠠᠭᠤᠯᠬᠤ ᠨᠢ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠨᠢᠭᠡᠨ ᠬᠤᠪᠢ ᠲᠣᠳᠣᠷᠬᠠᠢ ᠲᠥᠯᠥᠪᠯᠡᠭᠡ ᠶᠢᠨ ᠪᠢᠴᠢᠭ ᠪᠠ ᠡᠭᠦᠷᠭᠡ ᠶᠢᠨ ᠬᠦᠰᠦᠨᠦᠭᠲᠦ ᠬᠠᠩᠭᠠᠪᠠ ᠃ ᠥᠪᠥᠷ ᠮᠣᠩᠭᠤᠯ ᠡᠷᠬᠡᠪᠰᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠬᠤᠶᠠᠷ ᠮᠡᠳᠡᠭᠦᠯᠦᠯᠲᠡ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠲᠠᠢ ᠨᠢᠭᠲᠠ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠵᠤ ᠂ ᠶᠡᠷᠦᠩᠬᠡᠢ ᠱᠦᠵᠢ ᠶᠢᠨ ᠲᠤᠰᠢᠶᠠᠭᠰᠠᠨ ᠶᠠᠪᠤᠳᠠᠯ ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠶᠠᠪᠤᠳᠠᠯ ᠢ ᠪᠦᠬᠦ ᠬᠦᠴᠦᠨ ᠢᠶᠠᠷ ᠢᠶᠠᠨ ᠪᠣᠲᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ ᠃    ᠶᠠᠩ ᠶᠢᠨ ᠂ ᠱᠢ ᠢᠦᠢ ᠳ᠋ᠦᠩ ᠂ ᠴᠢ ᠹᠧᠢ ᠶᠦᠨ ᠂ ᠳ᠋ᠦ᠋ ᠭᠠᠩ ᠂ ᠰᠢᠤᠸᠠᠢ ᡁᠢ ᠯᠦᠩ ᠂ ᠵᠢᠢ ᠶᠦᠩ ᠴᠢᠶᠠᠨ ᠂ ᠴᠧᠨ ᠠᠢ ᠰᠢᠤᠸᠠᠢ ᠂ ᠵᠤᠤ ᠬᠤᠢ ᠵᠢᠶᠧ ᠂ ᠤᠣ ᠬᠤᠢ ᠷᠠᠨ ᠂ ᠰᠢᠩ ᠵᠢᠶᠧ ᠬᠤᠩ ᠂ ᠶᠠᠨ ᠬᠤᠩ ᠸᠧᠢ ᠂ ᠮᠧᠩ ᠹᠠᠨ ᠶᠢᠩ ᠂ ᠬᠦᠸᠧ ᠳ᠋ᠠ ᠶᠦᠩ ᠂ ᠳ᠋ᠦ᠋ ᠬᠤᠢ ᠯᠢᠶᠠᠩ ᠂ ᠾᠧ ᠬᠠᠢ ᠳ᠋ᠦᠩ ᠂ ᠯᠦᠸᠧ ᠴᠢᠩ ᠂ ᠵᠢᠦᠢ ᠱᠤ᠋ ᠸᠧᠨ ᠂ ᠸᠠᠩ ᠵᠧᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ ᠂ ᠣᠯᠠᠨ ᠢᠶᠠᠷ ᠢᠶᠠᠨ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠦᠰᠦᠯ ᠂ ᠲᠥᠰᠥᠪ ᠤᠨ ᠮᠡᠳᠡᠭᠦᠯᠦᠯᠲᠡ ᠪᠣᠯᠣᠨ ᠲᠦᠰᠦᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠲᠤᠰ ᠪᠡᠶ᠎ᠡ ᠶᠢᠨ ᠠᠵᠢᠯ ᠤᠨ ᠪᠣᠲᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠠᠢ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ