| ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ︽ ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ︾ ︵ ᠳᠣᠷᠣᠭᠰᠢ ︽ ᠬᠡᠷᠡᠭᠵᠢᠭᠦᠯᠬᠦ | ᠲᠥᠰᠥᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠪᠠ ᠃ | ︽ ᠬᠡᠷᠡᠭᠵᠢᠭᠦᠯᠬᠦ ᠲᠥᠰᠥᠯ ︾ ᠨᠢ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ | ᠨᠥᠬᠦᠴᠡᠯ ᠳᠤ ᠰᠠᠭᠤᠷᠢᠯᠠᠨ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ ᠂ ᠲᠥᠷᠥ ᠶᠢᠨ ᠶᠠᠪᠤᠳᠠᠯ ᠤᠨ ᠬᠤᠷᠢᠶᠠᠨ ᠤ ︽ ᠰᠠᠨᠠᠯ ︾ ᠢ | ᠨᠠᠶᠢᠳᠠᠪᠤᠷᠢᠵᠢᠭᠤᠯᠤᠨ ᠠᠬᠢᠭᠤᠯᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠣᠷᠭᠠᠨᠢᠭ ᠢᠶᠠᠷ ᠬᠤᠯᠪᠣᠭᠳᠠᠭᠤᠯᠵᠤ ᠂ ᠨᠢᠭᠲᠠ ᠤᠶᠠᠯᠳᠤᠭᠤᠯᠤᠨ ᠂ | ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ ᠂ ᠭᠤᠣᠯᠳᠠᠯᠭ᠎ᠠ ᠲᠠᠢ ᠡᠭᠦᠷᠭᠡ ᠨᠦᠭᠦᠳ ᠢ ᠪᠥᠬᠦᠨ ᠢ ᠪᠠᠭᠲᠠᠭᠠᠵᠤ ᠂ ᠶᠡᠷᠦᠩᠬᠡᠢ ᠱᠦᠵᠢ ᠰᠢ ᠶᠢᠨ | ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠴᠢᠩᠭᠠᠳᠬᠠᠬᠤ ᠲᠤᠬᠠᠢ ᠴᠢᠬᠤᠯᠠ | ᠵᠢᠭᠠᠪᠤᠷᠢ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠡᠢ ᠃ | ︽ ᠬᠡᠷᠡᠭᠵᠢᠭᠦᠯᠬᠦ ᠲᠥᠰᠥᠯ ︾ ᠳᠤ ᠰᠢᠰᠲ᠋ᠧᠮᠲᠦ ᠦᠵᠡᠯᠲᠡ ᠶᠢ ᠪᠠᠷᠢᠮᠲᠠᠯᠠᠵᠤ ᠂ ︽ ᠲᠠᠪᠤᠨ ᠶᠡᠭᠡ ᠡᠭᠦᠷᠭᠡ ︾ ᠶᠢ ᠠᠬᠢᠭᠤᠯᠬᠤ ᠦᠨᠳᠦᠷᠴᠡ ᠠᠴᠠ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠵᠠᠳᠠᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠠᠯᠠᠮᠵᠢ ᠭᠡᠬᠦ ︽ ᠵᠠᠩᠭᠢᠯᠠᠭ᠎ᠠ ︾ ᠶᠢ ᠠᠳᠬᠤᠨ ᠂ ᠦᠷ᠎ᠡ | ᠡᠳ᠋ ᠤᠨ ᠡᠬᠢ ᠪᠠᠶᠠᠯᠢᠭ ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠰᠤ ᠶᠢ ᠵᠠᠰᠠᠬᠤ ᠂ ᠬᠥᠷᠥᠰᠥ ᠰᠢᠷᠣᠢ ᠶᠢ ᠰᠠᠶᠢᠵᠢᠷᠠᠭᠤᠯᠬᠤ ᠂ ᠦᠷ᠎ᠡ ᠡᠭᠦᠯᠳᠡᠷ ᠶᠢ | ᠰᠠᠶᠢᠵᠢᠷᠠᠭᠤᠯᠬᠤ ᠶᠢ ᠵᠣᠬᠢᠴᠠᠯᠳᠤᠭᠤᠯᠤᠨ ᠠᠬᠢᠭᠤᠯᠵᠤ ᠂ ᠡᠯ᠎ᠡ ᠲᠥᠷᠥᠯ ᠤᠨ ᠲᠠᠷᠢᠶᠠᠯᠠᠩ ᠂ ᠤᠰᠤᠨ ᠠᠰᠢᠭᠯᠠᠯᠲᠠ ᠂ ᠠᠮᠢ ᠠᠬᠤᠢ ᠶᠢᠨ ᠲᠥᠷᠥ ᠶᠢᠨ ᠪᠣᠳᠣᠯᠭ᠎ᠠ ᠶᠢ | ᠵᠣᠬᠢᠴᠠᠭᠤᠯᠤᠨ ᠬᠠᠮᠵᠢᠯᠴᠠᠭᠤᠯᠵᠤ ᠂ ᠭᠤᠷᠪᠠᠨ ᠶᠡᠭᠡ ᠬᠡᠰᠡᠭ ᠣᠷᠣᠨ ᠤ ᠪᠠᠶᠢᠳᠠᠯ ᠳᠤ ᠲᠣᠬᠢᠷᠠᠭᠤᠯᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ ᠭᠡᠵᠡᠢ ᠃ | ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠂ ︽ ᠬᠡᠷᠡᠭᠵᠢᠭᠦᠯᠬᠦ ᠲᠥᠰᠥᠯ ︾ ᠨᠢ ︽ ᠡᠮᠬᠢ ᠵᠢᠷᠤᠮ ᠲᠠᠢ ︾ ᠪᠠᠶᠢᠬᠤ ᠶᠢ ᠴᠢᠩᠭᠠᠳᠬᠠᠬᠤ ᠶᠢᠨ ᠬᠠᠮᠲᠤ ︽ | ᠬᠦᠴᠦᠲᠡᠢ ︾ ᠪᠠ ︽ ᠪᠦᠲᠦᠮᠵᠢᠲᠡᠶ ︾ ᠶᠢ ᠤᠯᠠᠮ ᠨᠢᠭᠡ ᠠᠯᠬᠤᠮ ᠳᠣᠪᠤᠶᠢᠯᠭᠠᠵᠤ ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠤᠨ ᠰᠠᠭᠤᠷᠢ ᠳᠤ ᠰᠠᠭᠤᠷᠢᠯᠠᠨ ᠂ ᠡᠬᠢᠯᠡᠯᠲᠡ ᠶᠢᠨ ᠵᠢᠯ ᠳᠤ ᠡᠬᠢᠯᠡᠯᠲᠡ ᠶᠢᠨ | ᠬᠠᠨᠳᠤᠰᠢ ᠲᠠᠢ ᠪᠠᠶᠢᠬᠤ ᠶᠢ ᠪᠠᠷᠢᠮᠲᠠᠯᠠᠵᠤ ᠂ ᠡᠭᠦᠷᠭᠡ ᠶᠢ ᠨᠠᠩ ᠲᠥᠪᠯᠡᠷᠡᠭᠦᠯᠦᠨ ᠂ ᠠᠷᠭ᠎ᠠ ᠬᠡᠮᠵᠢᠶ᠎ᠡ ᠶᠢ ᠨᠠᠩ ᠣᠨᠣᠪᠴᠢᠲᠠᠶ ᠂ ᠬᠠᠷᠠᠯᠲᠠ ᠶᠢ ᠨᠠᠩ ᠪᠣᠳᠠᠲᠠᠢ ᠪᠣᠯᠭᠠᠵᠤ ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠢ ᠬᠡᠷᠡᠭᠵᠢᠭᠦᠯᠬᠦ ᠶᠠᠪᠤᠴᠠ ᠳᠤ ᠪᠠᠨ ᠠᠵᠢᠯᠯᠠᠵᠤ ᠪᠣᠯᠬᠤ ᠂ ᠪᠤᠲᠠᠲᠠᠶᠢᠵᠢᠭᠤᠯᠵᠤ ᠳᠡᠶᠢᠯᠬᠦ ᠪᠠ ᠨᠢᠭᠡᠳᠦᠭᠡᠷ | ᠵᠢᠯ ᠳᠤ ᠳᠠᠷᠤᠢ ᠪᠣᠳᠠᠲᠤ ᠦᠷ᠎ᠡ ᠪᠦᠲᠦᠮᠵᠢ ᠣᠯᠵᠤ ᠂ ᠦᠷ᠎ᠡ ᠪᠦᠲᠦᠮᠵᠢ ᠲᠠᠢ ᠪᠣᠯᠭᠠᠬᠤ ᠪᠠᠷ ᠴᠢᠷᠮᠠᠶᠢᠨ᠎ᠠ ᠭᠡᠵᠡᠢ ᠃ | |