| | ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠠᠶᠢᠵᠤ ᠂ ᠵᠡᠭᠦᠨᠭᠠᠷ ᠬᠤᠰᠢᠭᠤ ᠤᠷᠢᠳᠴᠢᠯᠠᠨ ᠲᠥᠯᠥᠪᠵᠢᠭᠦᠯᠵᠦ᠂ ᠵᠣᠬᠢᠰᠲᠠᠢ | ᠲᠣᠬᠢᠷᠠᠭᠤᠯᠤᠨ ᠂ ᠳᠠᠷᠢᠶᠠᠯᠠᠩ ᠦᠢᠯᠡᠳᠪᠦᠷᠢᠯᠡᠯ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠂ ᠳᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠂ | ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠂ ᠳᠠᠷᠢᠶᠠᠯᠠᠩ ᠦᠢᠯᠡᠳᠪᠦᠷᠢᠯᠡᠯ ᠢ ᠰᠠᠶᠢᠨ | ᠡᠬᠢᠯᠡᠯᠲᠡ ᠲᠠᠢ ᠪᠣᠯᠭᠠᠵᠤ ᠪᠠᠶᠢᠨ᠎ᠠ ᠃ | ᠣᠶᠢᠷ᠎ᠠ ᠶᠢᠨ ᠡᠳᠦᠷ ᠤᠳ ᠲᠤ ᠂ ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠳ ᠱᠢ ᠡᠯ ᠯᠢᠶᠠᠨ ᠴᠧᠩ ᠰᠢᠶᠠᠩ ᠂ | ᠱᠠᠭᠳᠠᠷ ᠪᠠᠯᠭᠠᠰᠤ ᠂ ᠪᠤᠷᠤᠳᠤᠬᠤᠢ ᠰᠤᠮᠤ ᠵᠡᠷᠭᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠵᠦ ᠂ ᠲᠠᠷᠢᠶᠠᠯᠠᠩ ᠤᠨ ᠮᠠᠰᠢᠨ ᠂ ᠲᠠᠷᠢᠶᠠᠯᠠᠩ ᠦᠢᠯᠡᠳᠪᠦᠷᠢᠯᠡᠯ ᠤᠨ | ᠬᠡᠷᠡᠭᠰᠡᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ ᠂ ᠰᠤᠮᠤ ᠰᠢᠶᠠᠩ ᠪᠠᠯᠭᠠᠰᠤ ᠶᠢᠨ ᠲᠠᠷᠢᠮᠠᠯ ᠤᠨ ᠲᠣᠮᠣ | ᠡᠷᠦᠬᠡ ᠂ ᠳᠤᠰᠬᠠᠢ ᠬᠤᠷᠰᠢᠶᠠᠵᠢᠯ ᠤᠨ ᠠᠵᠢᠯᠲᠠᠳ ᠲᠠᠢ ᠶᠠᠷᠢᠯᠴᠠᠵᠤ ᠂ ︽ ᠠᠮᠤ ᠪᠤᠳᠠᠭ᠎ᠠ ᠳᠠᠷᠢᠬᠤ ᠵᠢᠭᠡᠯᠡᠯᠭᠡ ︾ ᠶᠢ ᠤᠬᠠᠭᠤᠯᠤᠨ ᠳᠡᠯᠭᠡᠷᠡᠭᠦᠯᠵᠦ ᠂ ᠲᠡᠳᠡᠨ ᠤ | 2024 ᠣᠨ ᠤ ᠲᠠᠷᠢᠮᠠᠯ ᠤᠨ ᠲᠥᠯᠥᠪᠯᠡᠭᠡ ᠶᠢ ᠣᠶᠢᠯᠠᠭᠠᠨ ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠂ ᠳᠠᠬᠢᠨ ᠬᠠᠭᠠᠯᠪᠤᠷᠢᠯᠠᠵᠤ ᠦᠷ᠎ᠡ ᠰᠣᠩᠭᠤᠬᠤ ᠂ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠢ ᠳᠡᠯᠭᠡᠷᠡᠭᠦᠯᠦᠨ ᠤᠬᠠᠭᠤᠯᠤᠬᠰᠠᠨ ᠪᠠᠶᠢᠨ᠎ᠠ ᠃ ᠡᠭᠦᠨ ᠤ ᠬᠠᠮᠲᠤ ᠮᠡᠷᠭᠡᠵᠢᠯᠲᠡᠨ ᠪᠠ | ᠬᠠᠤᠯᠢ ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ ᠂ ᠪᠥᠬᠦ ᠬᠤᠰᠢᠭᠤᠨ ᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ | ᠭᠦᠨᠵᠡᠭᠡᠶᠢᠷᠡᠨ ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠂ ᠬᠤᠳᠠᠯ ᠬᠠᠭᠤᠷᠮᠠᠭ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠳᠤ | ᠴᠣᠬᠢᠯᠲᠠ ᠥᠭᠬᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠣᠯ ᠴᠣᠭᠴᠠ ᠶᠢ ᠵᠢᠷᠤᠮᠵᠢᠭᠤᠯᠬᠤ ᠂ ᠬᠢᠮᠢ ᠶᠢᠨ ᠪᠤᠷᠳᠤᠭᠤᠷ ᠢ | ᠪᠠᠭᠠᠰᠬᠠᠨ ᠡᠮ ᠬᠡᠷᠡᠭᠯᠡᠬᠦ ᠶᠢ ᠬᠢᠵᠠᠭᠠᠷᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢ ᠰᠠᠶᠢᠲᠤᠷ ᠠᠳᠬᠤᠵᠤ ᠂ ᠬᠠᠪᠤᠷ ᠤᠨ ᠳᠠᠷᠢᠶᠠᠯᠠᠩ | ᠤᠶᠢᠯᠡᠳᠪᠤᠷᠢᠯᠡᠯ ᠤᠨ ᠡᠮᠬᠢ ᠳᠢᠭᠯᠢᠮ ᠲᠠᠢ ᠶᠠᠪᠤᠬᠳᠠᠬᠤ ᠶᠢ ᠪᠠᠳᠤᠯᠠᠵᠤ ᠪᠠᠶᠢᠨ᠎ᠠ᠃ | | 3 ᠰᠠᠷ᠎ᠠ ᠶᠢᠨ 5 ᠤ ᠡᠳᠦᠷ ᠂ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠦᠢᠳᠬᠡᠯ ᠬᠤᠷᠢᠶᠠᠬᠤ ᠦᠭᠡᠢ ᠪᠠᠷ ᠲᠣᠮᠢᠯᠠᠨ ᠬᠦᠷᠭᠡᠬᠦ ᠲᠠᠷᠢᠶᠠᠯᠠᠩ ᠤᠨ ᠬᠡᠷᠡᠭᠰᠡᠯ ᠤᠨ ᠰᠢᠭᠤᠳ ᠨᠡᠪᠲᠡᠷᠡᠬᠦ ᠲᠡᠷᠭᠡ ᠲᠣᠰᠬᠤᠨ ᠤ ᠠᠷᠠᠳ ᠸᠠᠩ ᠯᠠᠢ ᡁᠢ ᠶᠢᠨ | ᠭᠡᠷ ᠲᠤ ᠬᠦᠷᠴᠤ ᠢᠷᠡᠬᠦ ᠳᠤ ᠂ ᠸᠠᠩ ᠯᠠᠢ ᡁᠢ ᠄ ︽ ᠡᠨᠡ ᠵᠢᠯ ᠪᠢ 120 ᠭᠠᠷᠤᠢ ᠮᠦ ᠡᠷᠳᠡᠨᠢ ᠰᠢᠰᠢ ᠳᠠᠷᠢᠬᠤ ᠪᠠᠷ ᠲᠥᠯᠥᠪᠯᠡᠵᠦ ᠪᠠᠶᠢᠨ᠎ᠠ ᠂ ᠴᠥᠮ ᠮᠠᠨ ᠤ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠮᠢ ᠶᠢᠨ ᠪᠣᠷᠳᠣᠭᠤᠷ ᠂ ᠰᠦᠯᠢᠶᠥᠦ ᠪᠦᠷᠬᠦᠪᠴᠢ ᠂ ᠦᠷ᠎ᠡ ᠵᠡᠷᠭᠡ ᠶᠢ ᠰᠣᠩᠭᠤᠬᠤ ᠪᠠᠷ ᠪᠤᠢ ᠃ ᠲᠡᠳᠡᠨ ᠤ ᠵᠢᠯ ᠪᠤᠯᠭᠠᠨ ᠤ | ᠦᠢᠯᠡᠴᠢᠯᠡᠭᠡ ᠨᠢ ᠴᠥᠮ ᠮᠠᠰᠢ ᠰᠠᠶᠢᠨ ᠪᠠᠶᠢᠵᠤ ᠂ ᠰᠦᠢᠳᠬᠡᠯ ᠬᠤᠷᠢᠶᠠᠬᠤ ᠦᠭᠡᠢ ᠪᠠᠷ ᠲᠣᠬᠢᠷᠠᠭᠤᠯᠤᠨ ᠬᠦᠷᠭᠡᠬᠦ ᠪᠠᠷ ᠪᠠᠷᠠᠬᠤ ᠦᠭᠡᠢ ᠪᠠᠰᠠ ᠶᠠᠮᠠᠷ ᠦᠷ᠎ᠡ | ᠰᠣᠩᠭᠤᠬᠤ ᠂ ᠶᠠᠮᠠᠷ ᠪᠣᠷᠳᠣᠭᠤᠷ ᠬᠡᠷᠡᠭᠯᠡᠬᠦ ᠲᠤᠬᠠᠢ ᠪᠢᠳᠡᠨ ᠳᠤ ᠵᠢᠯᠣᠭᠤᠳᠤᠯᠭ᠎ᠠ ᠥᠭᠴᠦ ᠪᠠᠶᠢᠨ᠎ᠠ ᠂ ᠡᠨᠡ ᠬᠡᠳᠦᠨ ᠵᠢᠯ ᠳᠤ ᠡᠷᠳᠡᠨᠢ ᠰᠢᠰᠢ ᠶᠢᠨ ᠤᠨᠠᠯᠲᠠ ᠮᠠᠰᠢ | ᠰᠠᠶᠢᠨ ᠪᠠᠶᠢᠵᠤ ᠂ ᠨᠢᠳᠤᠨᠤᠨ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ 2000 ᠭᠠᠷᠤᠢ ᠵᠢᠩ ᠳᠤ ᠬᠦᠷᠴᠡᠢ ︾ ᠭᠡᠨ᠎ᠠ ᠃ | | ᠵᠡᠭᠦᠨᠭᠠᠷ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠬᠤ᠋ ᠷᠦᠢ | ᠵᠢᠶᠦ᠋ᠨ ᠲᠠᠨᠢᠯᠴᠠᠭᠤᠯᠬᠤ ᠳᠠᠭᠠᠨ ᠂ ᠤᠳᠤᠬᠠᠨ ᠪᠣᠯᠲᠠᠯ᠎ᠠ ᠂ ᠵᠡᠭᠦᠨᠭᠠᠷ ᠬᠤᠰᠢᠭᠤᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠲᠠᠷᠢᠶᠠᠯᠠᠩ | ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠶᠢᠨ ᠵᠢᠭᠡᠯᠡᠯᠭᠡ ᠶᠢ 1729 ᠲᠦᠮᠡᠨ ᠲᠥᠭᠦᠷᠢᠭ ᠵᠣᠬᠢᠴᠠᠭᠤᠯᠵᠤ ᠂ 5241 ᠲᠣᠨ ᠬᠢᠮᠢ ᠶᠢᠨ ᠪᠣᠷᠳᠣᠭᠤᠷ ᠂ | 48.6 ᠲᠣᠨ ᠦᠷ᠎ᠡ ᠂ 1.2 ᠲᠣᠨ ᠲᠠᠷᠢᠶᠠᠨ ᠡᠮ ᠂ 49.5 ᠲᠣᠨ ᠲᠠᠷᠢᠶᠠᠯᠠᠩ ᠤᠨ ᠰᠦᠯᠢᠶᠥᠦ ᠪᠦᠷᠬᠦᠪᠴᠢ ᠂ 4.7 ᠲᠦᠮᠡᠨ ᠢᠵᠢ ᠳᠤᠰᠤᠯᠭᠠᠨ ᠤᠰᠤᠯᠠᠬᠤ | ᠪᠦᠰᠡ ᠂ 100 ᠲᠣᠨ ᠳᠡᠵᠢᠭᠡᠯ ᠪᠣᠷᠳᠤᠭ᠎ᠠ ᠨᠥᠭᠡᠴᠡᠯᠡᠵᠦ ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ | ᠠᠵᠢᠯ ᠢ ᠪᠤᠳᠠᠳᠠᠢ ᠤᠷᠤᠨᠵᠢᠭᠤᠯᠤᠬᠰᠠᠨ ᠪᠠᠶᠢᠨ᠎ᠠ ᠃ ᠡᠭᠦᠨ ᠤ ᠬᠠᠮᠲᠤ ᠂ ᠡᠨᠡ ᠵᠢᠯ ᠲᠣᠬᠢᠷᠠᠭᠤᠯᠤᠨ ᠬᠦᠷᠭᠡᠬᠦ ᠬᠡᠪᠴᠢᠶ᠎ᠡ ᠶᠢ ᠥᠷᠭᠡᠳᠬᠡᠵᠦ ᠂ ᠱᠢ ᠡᠯ ᠯᠢᠶᠠᠨ | ᠴᠧᠩ ᠰᠢᠶᠠᠩ ᠪᠠ ᠱᠠᠭᠳᠠᠷ ᠪᠠᠯᠭᠠᠰᠤᠨ ᠤ ᠬᠤᠶᠠᠷ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠠᠴᠢᠮ ᠪᠠᠶᠢᠳᠠᠯ ᠢ ᠠᠷᠭᠠᠴᠠᠭᠠᠨ ᠨᠥᠭᠡᠴᠡᠯᠡᠵᠦ ᠲᠣᠬᠢᠷᠠᠭᠤᠯᠤᠨ | ᠬᠦᠷᠭᠡᠬᠦ ᠲᠥᠪ ᠠᠴᠠ ᠪᠥᠬᠦ ᠬᠤᠰᠢᠭᠤᠨ ᠤ ᠬᠤᠶᠢᠳᠤ ᠭᠡᠰᠡᠭ ᠪᠠ ᠡᠮᠤᠨ᠎ᠠ ᠭᠡᠰᠡᠭ ᠢ ᠬᠠᠮᠤᠷᠴᠤ ᠂ ᠨᠢᠭᠡ ᠨᠢᠭᠡ ᠪᠠᠷ ᠡᠷᠦᠬᠡ ᠳᠤ ᠲᠣᠬᠢᠷᠠᠭᠤᠯᠤᠨ ᠬᠦᠷᠭᠡᠬᠦ | ᠦᠢᠯᠡᠴᠢᠯᠡᠭᠡ ᠬᠠᠩᠭᠠᠵᠤ ᠪᠤᠢ ᠭᠡᠵᠡᠢ ᠃ | | | ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠳᠤ ᠂ ᠲᠠᠷᠢᠶᠠᠯᠠᠩ ᠤᠨ ᠮᠠᠰᠢᠨ ᠢ ᠤᠷᠢᠳ ᠢᠶᠠᠷ ᠬᠠᠩᠭᠠᠵᠤ ᠂ ᠱᠢ ᠡᠯ ᠯᠢᠶᠠᠨ ᠴᠧᠩ ᠰᠢᠶᠠᠩ ᠤᠨ ᠶᠠᠩ ᠽᠢ | ᠬᠤᠸᠠ ᠲᠣᠰᠬᠤᠨ ᠤ ᠲᠠᠷᠢᠮᠠᠯ ᠤᠨ ᠡᠷᠦᠭᠡ ᠴᠧᠨ ᠶᠢᠨ ᠾᠧ ᠶᠢᠨ ᠭᠡᠷ ᠲᠤ ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠴᠧᠨ | ᠹᠧᠢ ᠶᠠᠭ ᠰᠠᠶᠢᠬᠠᠨ ᠲᠡᠭᠦᠨ ᠳᠤ ᠦᠷ᠎ᠡ ᠰᠠᠴᠤᠬᠤ ᠮᠠᠰᠢᠨ ᠢ ᠬᠡᠷᠬᠢᠨ ᠲᠤᠷᠰᠢᠨ ᠭᠡᠷᠡᠭᠯᠡᠬᠦ ᠪᠠ ᠥᠨᠳᠥᠷ ᠪᠦᠲᠦᠮᠵᠢᠲᠡᠢ ᠪᠠᠷ ᠠᠵᠢᠯᠯᠠᠭᠤᠯᠬᠤ ᠲᠤᠬᠠᠢ ᠲᠠᠶᠢᠯᠪᠤᠷᠢᠯᠠᠨ | ᠶᠠᠷᠢᠵᠤ ᠪᠠᠶᠢᠯ᠎ᠠ ᠃ ᠲᠠᠷᠢᠮᠠᠯ ᠤᠨ ᠡᠷᠦᠬᠡ ᠴᠧᠨ ᠶᠢᠨ ᠾᠧ ᠬᠡᠯᠡᠬᠦ ᠳᠡᠭᠡᠨ ᠄ ︽ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠭᠡᠷ ᠲᠤ ᠢᠷᠡᠵᠤ | ᠵᠢᠭᠠᠨ ᠵᠢᠯᠣᠭᠤᠳᠤᠭᠰᠠᠨ ᠠᠴᠠ ᠪᠢ ᠮᠠᠰᠢ ᠶᠡᠭᠡ ᠣᠯᠣᠯᠲᠠ ᠲᠠᠢ ᠪᠣᠯᠵᠠᠢ ᠂ ᠮᠢᠨᠤ ᠮᠠᠰᠢᠨ ᠤᠤᠯ ᠤᠨ ᠲᠤᠷᠰᠢᠨ ᠲᠣᠬᠢᠷᠠᠭᠤᠯᠤᠭᠰᠠᠨ ᠨᠢ ᠵᠣᠬᠢᠰ ᠦᠭᠡᠢ ᠂ ᠣᠨᠴᠠ | ᠲᠣᠮᠢᠯᠠᠭᠳᠠᠭᠴᠢ ᠶᠢᠨ ᠲᠠᠬᠢᠨ ᠲᠤᠷᠰᠢᠨ ᠲᠣᠬᠢᠷᠠᠭᠤᠯᠤᠭᠰᠠᠨ ᠢᠶᠠᠷ ᠡᠷᠳᠡᠨᠢ ᠰᠢᠰᠢ ᠶᠢᠨ ᠦᠷ᠎ᠡ ᠰᠠᠴᠤᠬᠤ ᠵᠠᠢ ᠶᠢᠨ ᠥᠷᠭᠡᠨ ᠢᠪᠴᠤᠤ ᠨᠢ ᠵᠦᠢ ᠵᠣᠬᠢᠰᠲᠠᠢ ᠪᠣᠯᠵᠠᠢ ᠂ | ᠢᠩᠭᠢᠮᠡᠨᠵᠢᠨ ᠰᠠᠶ᠋ᠢ ᠭᠡᠷᠡᠯ ᠨᠢ ᠭᠦᠢᠴᠡᠳ ᠲᠤᠰᠴᠤ ᠂ ᠤᠰᠤ ᠪᠠ ᠪᠣᠷᠳᠣᠭᠤᠷ ᠢ ᠠᠷᠪᠢᠯᠠᠵᠤ ᠴᠢᠳᠠᠨ᠎ᠠ ᠂ ᠡᠨᠡ ᠵᠢᠯ ᠮᠢᠨᠤ ᠲᠠᠷᠢᠶᠠᠯᠠᠩ ᠤᠨ ᠮᠠᠰᠢᠨ ᠬᠠᠮᠤᠭ ᠤᠨ | ᠰᠠᠶᠢᠨ ᠪᠠᠶᠢᠳᠠᠯ ᠢᠶᠠᠷ ᠦᠢᠯᠡᠳᠪᠦᠷᠢᠯᠡᠯ ᠳᠤ ᠣᠷᠣᠵᠤ ᠂ ᠰᠠᠶᠢᠨ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠭᠡᠵᠡᠢ᠃ | | ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠴᠧᠨ ᠹᠧᠢ ᠄ ︽ ᠱᠢ ᠡᠯ ᠯᠢᠶᠠᠨ ᠴᠧᠩ ᠰᠢᠶᠠᠩ ᠪᠣᠯ ᠵᠡᠭᠦᠨᠭᠠᠷ ᠬᠤᠰᠢᠭᠤᠨ ᠤ | ᠳᠠᠷᠢᠶᠠᠯᠠᠩ ᠤᠶᠢᠯᠡᠳᠪᠤᠷᠢᠯᠡᠯ ᠤᠨ ᠲᠣᠮᠣ ᠰᠢᠶᠠᠩ ᠪᠣᠯᠣᠨ᠎ᠠ ᠂ ᠠᠳᠡ ᠤᠳᠠᠯ ᠦᠭᠡᠢ ᠡᠷᠳᠡᠨᠢ ᠰᠢᠰᠢ ᠲᠠᠷᠢᠬᠤ ᠪᠠᠷ ᠪᠤᠢ ᠂ ᠪᠢᠳᠡ ᠭᠤᠣᠯᠳᠠᠯᠭ᠎ᠠ ᠲᠠᠢ ᠪᠠᠷ ᠭᠠᠵᠠᠷ | ᠲᠡᠭᠰᠢᠯᠡᠬᠦ ᠂ ᠦᠷ᠎ᠡ ᠰᠣᠩᠭᠤᠬᠤ ᠂ ᠪᠣᠷᠳᠣᠭᠤᠷ ᠰᠣᠩᠭᠤᠬᠤ ᠂ ᠬᠤᠷᠣᠬᠠᠶᠢᠲᠤᠯ ᠢ ᠰᠡᠷᠭᠡᠶᠢᠯᠡᠬᠦ ᠂ ᠲᠠᠷᠢᠶᠠᠯᠠᠩ ᠤᠨ ᠮᠠᠰᠢᠨ ᠢ ᠲᠤᠷᠰᠢᠨ ᠲᠣᠬᠢᠷᠠᠭᠤᠯᠬᠤ ᠵᠡᠷᠭᠡ | ᠲᠠᠯ᠎ᠠ ᠪᠠᠷ ᠵᠢᠯᠣᠭᠤᠳᠤᠯᠭ᠎ᠠ ᠬᠢᠵᠦ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠠᠶᠢᠲᠤᠷ ᠬᠢᠵᠦ ᠂ ᠠᠮᠤ | ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ︾ ᠭᠡᠵᠦ ᠶᠠᠷᠢᠨ᠎ᠠ ᠃ | | | | |