| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠤᠨ | ᠨᠢᠭᠡᠳᠦᠭᠡᠷ ᠪᠣᠳᠢ ᠂ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠣᠶᠢᠷ᠎ᠠ ᠶᠢᠨ ᠡᠳᠦᠷ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ | ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ ᠃ | ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠤᠨ ᠨᠢᠭᠡᠳᠦᠭᠡᠷ ᠪᠣᠳᠢ ᠂ ᠬᠤᠶᠠᠳᠤᠭᠠᠷ ᠪᠣᠳᠢ ᠳᠤ ᠶᠡᠷᠦᠩᠬᠡᠢ ᠱᠦᠵᠢ ᠰᠢ ᠶᠢᠨ ᠫᠢᠩ ᠤᠨ | 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠳᠠᠬᠢ ᠴᠢᠬᠤᠯᠠ ᠵᠣᠬᠢᠶᠠᠯ ᠪᠦᠲᠦᠭᠡᠯ ᠢ ᠣᠷᠣᠭᠤᠯᠵᠤ ᠂ ᠶᠡᠷᠦᠩᠬᠡᠢ | ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠳᠡᠭᠡᠷ᠎ᠡ ᠬᠢᠭᠰᠡᠨ ︽ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ ︾ ᠭᠡᠬᠦ ᠢᠯᠡᠳᠬᠡᠯ ᠢᠶᠠᠷ ᠡᠭᠢᠯᠡᠯᠲᠡ ᠪᠤᠯᠭᠠᠵᠤ ᠂ | ᠪᠤᠰᠤᠳ ᠵᠣᠬᠢᠶᠠᠯ ᠪᠦᠲᠦᠭᠡᠯ ᠤᠳ ᠢ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠪᠠ ᠃ | ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠷᠠᠳ | ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠭᠦᠳᠦᠨ ᠨᠡᠭᠡᠭᠡᠬᠦ ᠶᠢᠨ ᠵᠡᠷᠭᠡ ᠪᠠᠷ ᠲᠠᠰᠤᠷᠠᠯᠳᠡ | ᠦᠭᠡᠢ ᠰᠢᠨ᠎ᠡ ᠢᠯᠠᠯᠲᠠ ᠶᠢ ᠲᠡᠮᠡᠴᠡᠨ ᠣᠯᠵᠤ ᠪᠠᠶᠢᠭ᠎ᠠ ᠠᠭᠤᠤ ᠶᠡᠭᠡ ᠲᠡᠦᠬᠡᠨ ᠶᠠᠪᠤᠴᠠ ᠶᠢ ᠠᠮᠢᠳᠤᠯᠢᠭ ᠢᠶᠠᠷ ᠲᠡᠮᠳᠡᠭᠯᠡᠵᠦ ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠤᠭᠠᠳ ᠣᠯᠣᠭᠰᠠᠨ ᠴᠢᠬᠤᠯᠠ ᠶᠡᠭᠡ | ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠲᠤᠰᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢ ᠬᠥᠲᠥᠯᠥᠨ ᠳᠠᠭᠠᠭᠤᠯᠬᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠵᠦ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ | ᠤᠶᠤᠨ ᠤᠬᠠᠭᠠᠨ ᠪᠣᠯᠣᠨ ᠳᠤᠮᠳᠠᠳᠤ ᠤᠯᠤᠰ ᠤᠨ ᠬᠠᠷᠢᠭᠤᠴᠠᠯᠭ᠎ᠠ ᠶᠢ ᠪᠣᠰᠤᠭ᠎ᠠ ᠴᠣᠭᠴᠠ ᠪᠠᠷ ᠢᠯᠡᠷᠡᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ | ᠪᠦᠲᠦᠭᠡᠯ ᠪᠣᠯᠣᠨ᠎ᠠ ᠃ | ︽ ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ ︾ ᠤᠨ ᠨᠢᠭᠡᠳᠦᠭᠡᠷ ᠪᠣᠳᠢ ᠂ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠭᠠᠳᠠᠭᠠᠳᠤ ᠳᠤ | ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠣᠶᠢᠯᠠᠭᠠᠬᠤ ᠳᠤ ᠲᠤᠰᠠᠲᠠᠢ ᠪᠠᠶᠢᠵᠤ ᠂ ᠳᠡᠯᠡᠬᠡᠢ ᠨᠡᠶᠢᠭᠡᠮ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠲᠤᠬᠠᠢ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ ᠃ | | |