ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
     2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ ᠃ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ ᠂ ᠡᠨᠡ ᠬᠦ ᠢᠯᠡᠳᠬᠡᠯ ᠢ ᠵᠥᠪᠰᠢᠶᠡᠷᠡᠬᠦ ᠪᠠᠷ ᠲᠣᠭᠲᠠᠪᠠ ᠃    ᠬᠤᠷᠠᠯ ᠠᠴᠠ ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠨ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠥᠬᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠤᠨ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ ᠢᠲᠡᠭᠡᠯ ᠵᠣᠷᠢᠭ ᠢᠶᠠᠨ ᠪᠠᠲᠤᠳᠬᠠᠨ ᠂ ᠦᠨᠡᠨ ᠬᠦ ᠠᠳᠬᠤᠵᠤ ᠪᠣᠳᠠᠲᠠᠢ ᠠᠵᠢᠯᠯᠠᠵᠤ ᠂ ᠪᠦᠯᠬᠦᠮᠳᠡᠨ ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠨ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ ᠤᠭᠲᠤᠶ᠎ᠠ ᠭᠡᠵᠦ ᠤᠷᠢᠶᠠᠯᠠᠪᠠ ︕   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ