2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
    2024 ᠣᠨ ᠤ 3 ᠰᠠᠷ᠎ᠠ ᠶᠢᠨ 11 ᠤ ᠡᠳᠦᠷ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ︾ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠵᠤ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠵᠥᠪᠰᠢᠶᠡᠷᠡᠪᠡ ᠃ ᠬᠤᠷᠠᠯ ᠠᠴᠠ ︽ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ︾ ᠶᠢ ᠵᠥᠪᠰᠢᠶᠡᠷᠡᠵᠦ ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠣᠭᠲᠠᠪᠠ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ