ᠪᠠᠭᠠᠴᠤᠳ ᠬᠡᠦᠬᠡᠳ ᠤᠨ ᠰᠢᠮ᠎ᠡ ᠲᠡᠵᠢᠭᠡᠯ ᠬᠢᠭᠡᠳ ᠢᠳᠡᠭᠡᠨ
ᠨᠡᠶᠢᠲᠡᠯᠡᠭᠰᠡᠨ ᠴᠠᠭ᠄
2024/3/12
    ᠪᠠᠭᠠᠴᠤᠳ ᠬᠡᠦᠬᠡᠳ ᠤᠨ ᠰᠢᠮ᠎ᠡ ᠲᠡᠵᠢᠭᠡᠯ ᠬᠢᠭᠡᠳ ᠢᠳᠡᠭᠡᠨ ᠪᠠᠭᠠᠴᠤᠳ ᠬᠡᠦᠬᠡᠳ ᠦᠰᠦᠨ ᠪᠤᠶᠢᠵᠢᠯᠲᠠ ᠶᠢᠨ ᠬᠤᠭᠤᠴᠠᠭᠠᠨ ᠳᠠᠭᠠᠨ ᠪᠠᠶᠢᠵᠣ ᠂ ᠢᠳᠡᠭᠡᠨ ᠤᠮᠳᠠᠭᠠᠨ ᠤ ᠣᠯᠠᠨ ᠶᠠᠩᠵᠣ ᠲᠠᠢ ᠪᠠᠶᠢᠬᠤ ᠶᠢ ᠠᠩᠬᠠᠷᠴᠣ ᠂ ᠰᠢᠮ᠎ᠡ ᠲᠡᠵᠢᠭᠡᠯ ᠤᠨ ᠰᠢᠩᠭᠡᠭᠡᠯᠳᠡ ᠤᠨ ᠲᠡᠩᠴᠡᠭᠦᠷᠢ ᠶᠢ ᠪᠠᠲᠤᠯᠠᠬᠤ ᠬᠡᠷᠡᠭᠲᠡᠶ ᠃    ᠡᠭᠦᠨ ᠠᠴᠠ ᠭᠠᠳᠠᠨ᠎ᠠ ᠂ ᠪᠠᠰᠠ ᠺᠠᠯᠼ ᠪᠠ ᠴᠠᠶᠢᠷ ᠤᠨ ᠰᠢᠩᠭᠡᠭᠡᠯᠳᠡ ᠶᠢ ᠣᠨᠴᠠ ᠠᠩᠬᠠᠷᠬᠤ ᠬᠡᠷᠡᠭᠲᠡᠶ ᠃ ᠵᠢᠵᠢᠭ ᠰᠡᠮ ᠬᠤᠷᠣᠬᠠᠶ ᠂ ᠰᠢᠬᠢᠷᠯᠢᠭ ᠬᠠᠪᠢᠷᠭ᠎ᠠ ᠂ ᠶᠠᠰᠤᠨ ᠤ ᠱᠥᠯᠥ ᠂ ᠮᠥᠯᠢ ᠬᠢᠰᠤᠭ᠎ᠠ ᠵᠡᠷᠭᠡ ᠢ ᠢᠯᠡᠭᠦᠬᠡᠨ ᠢᠳᠡᠬᠦ ᠬᠡᠷᠡᠭᠲᠡᠶ ᠂ ᠥᠷᠯᠥᠭᠡ ᠶᠢᠨ ᠬᠤᠭᠤᠯᠠ ᠨᠢ ᠭᠤᠣᠯ ᠢᠳᠡᠭᠡᠨ ᠠᠴᠠ ᠭᠠᠳᠠᠨ᠎ᠠ ᠂ ᠦᠨᠢᠶᠡᠨ ᠰᠦ ᠪᠤᠶᠤ ᠪᠤᠷᠴᠠᠭ ᠤᠨ ᠡᠭᠡᠳᠡᠩ ᠤᠤᠭᠤᠬᠤ ᠶᠢ ᠪᠠᠷᠢᠮᠲᠠᠯᠠᠬᠤ ᠬᠡᠷᠡᠭᠲᠡᠶ ᠃    ᠪᠠᠭᠠᠴᠤᠳ ᠬᠡᠦᠬᠡᠳ ᠤᠨ ᠡᠳᠦᠷ ᠤᠨ ᠭᠤᠷᠪᠠᠨ ᠴᠠᠭ ᠤᠨ ᠬᠤᠭᠤᠯᠠ ᠶᠢᠨ ᠰᠢᠮ᠎ᠡ ᠲᠡᠵᠢᠭᠡᠯ ᠵᠣᠬᠢᠰᠲᠠᠶ ᠲᠣᠬᠢᠷᠠᠭᠤᠯᠬᠤ ᠬᠡᠷᠡᠭᠲᠡᠶ ᠄ ᠥᠷᠯᠥᠭᠡ ᠶᠢᠨ ᠬᠤᠭᠤᠯᠠᠨ ᠳᠤ ᠢᠯᠴᠢ ᠶᠡᠬᠡᠲᠡᠶ ᠢᠳᠡᠭᠡᠨ ᠢ ᠰᠣᠩᠭᠤᠵᠤ ᠂ ᠬᠦᠷᠦᠯᠴᠡᠬᠦ᠋ᠢᠴᠡ ᠢᠯᠴᠢ ᠶᠢᠨ ᠡᠨᠧᠷᠭᠢ ᠢᠶᠠᠷ ᠦᠳᠡ ᠶᠢᠨ ᠡᠮᠦᠨᠡᠬᠢ ᠬᠥᠳᠡᠯᠭᠡᠭᠡᠨ ᠢ ᠪᠠᠳᠣᠯᠠᠨ᠎ᠠ ᠂ ᠵᠢᠱᠢᠶᠡᠯᠡᠪᠡᠯ ᠂ ᠦᠨᠢᠶᠡᠨ ᠰᠦ ᠂ ᠥᠨᠳᠡᠭᠡ ᠂ ᠵᠢᠮᠢᠰ ᠤᠨ ᠡᠭᠡᠳᠡᠩ ᠂ ᠮᠠᠨᠲᠠᠤ ᠂ ᠪᠤᠷᠴᠡᠬᠳᠦ ᠪᠣᠣᠪᠤ ᠂ ᠲᠠᠯᠬ᠎ᠠ ᠂ ᠮᠢᠬᠠᠨ ᠤ ᠵᠦᠢᠯ ᠤᠨ ᠢᠳᠡᠭᠡᠨ ᠵᠡᠷᠭᠡ ᠃ ᠦᠳᠡ ᠶᠢᠨ ᠬᠤᠭᠤᠯᠠ ᠨᠢ ᠦᠳᠡ ᠶᠢᠨ ᠡᠮᠦᠨ᠎ᠡ ᠡᠨᠧᠷᠭᠢ ᠶᠢᠨ ᠬᠤᠷᠣᠭᠳᠠᠯ ᠢ ᠨᠥᠬᠦᠪᠥᠷᠢᠯᠡᠬᠦ ᠬᠡᠷᠡᠭᠲᠡᠶ ᠮᠥᠷᠲᠡᠭᠡᠨ ᠪᠠᠰᠠ ᠦᠳᠡ ᠶᠢᠨ ᠬᠤᠶᠢᠨ᠎ᠠ ᠶᠢᠨ ᠵᠠᠷᠣᠴᠠᠭᠤᠯᠬᠤ ᠨᠥᠭᠡᠴᠡ ᠡᠨᠧᠷᠭᠢ ᠬᠤᠷᠠᠮᠳᠣᠭᠤᠯᠬᠤ ᠬᠡᠷᠡᠭᠳᠡᠢ ᠠᠴᠠ ᠂ ᠦᠳᠡ ᠶᠢᠨ ᠬᠤᠭᠤᠯᠠᠨ ᠤ ᠢᠳᠡᠭᠡᠨ ᠨᠢ ᠡᠯᠪᠡᠭ ᠪᠠᠶᠠᠯᠢᠭ ᠤᠭᠤᠷᠠᠭ ᠪᠣᠯᠤᠨ ᠥᠭᠡᠬᠦ ᠠᠭᠤᠯᠣᠭᠳᠠᠭᠰᠠᠨ ᠪᠠᠶᠢᠬᠤ ᠬᠡᠷᠡᠭᠲᠡᠶ ᠃ ︽ ᠣᠷᠣᠶ ᠶᠢᠨ ᠬᠤᠭᠤᠯᠠ ᠪᠠᠭ᠎ᠠ ᠢᠳᠡᠬᠦ ︾ ᠭᠡᠳᠡᠭ ᠨᠢ ᠨᠠᠰᠤᠨ ᠳᠤ ᠬᠦᠷᠦᠭᠰᠡᠳ ᠲᠤ ᠠᠪᠴᠤ ᠬᠡᠯᠡᠭᠰᠡᠨ ᠦᠭᠡ ᠪᠣᠯᠣᠨ᠎ᠠ ᠂ ᠭᠡᠪᠡᠴᠦ ᠬᠡᠦᠬᠡᠳ ᠣᠷᠣᠢ ᠳᠠᠭᠠᠨ ᠵᠣᠬᠢᠬᠤ ᠬᠡᠮᠵᠢᠶᠡᠨ ᠤ ᠰᠠᠶᠢᠨ ᠬᠤᠭᠤᠯᠠ ᠢᠳᠡᠬᠦ ᠶᠢ ᠪᠠᠳᠣᠯᠠᠬᠤ ᠬᠡᠷᠡᠭᠳᠡᠢ ᠃ ᠬᠦᠷᠦᠯᠴᠡᠭᠦ᠋ᠢᠴᠡ ᠢᠯᠴᠢ ᠶᠢᠨ ᠬᠡᠮᠵᠢᠶ᠎ᠡ ᠪᠠ ᠵᠣᠬᠢᠬᠤ ᠬᠡᠮᠵᠢᠶᠡᠨ ᠤ ᠤᠭᠤᠷᠠᠭ ᠂ ᠦᠭᠡᠬᠦ ᠶᠢ ᠭᠦᠢᠴᠡᠳ ᠪᠠᠲᠤᠯᠠᠬᠤ ᠬᠡᠷᠡᠭᠲᠡᠶ ᠂ ᠣᠷᠣᠶ ᠶᠢᠨ ᠬᠤᠭᠤᠯᠠ ᠢᠶᠠᠨ ᠬᠡᠳᠦ ᠣᠷᠣᠢ ᠢᠳᠡᠬᠦ ᠶᠢ ᠴᠡᠭᠡᠷᠯᠡᠵᠦ ᠂ ᠰᠢᠩᠭᠡᠭᠡᠯᠲᠡ ᠮᠠᠭᠤᠳᠠᠬᠤ ᠠᠴᠠ ᠪᠣᠯᠵᠣ ᠨᠦᠢᠷ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ ᠃     
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ