| ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ ᠰᠢ ᠶᠢᠨ ᠫᠢᠩ | ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠵᠡᠢ | ᠰᠢ ᠶᠢᠨ ᠫᠢᠩ ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ | ᠵᠤᠤ ᠯᠧ ᠵᠢᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ 11 ᠤ ᠦᠳᠡ ᠶᠢᠨ | ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ ᠃ ᠶᠡᠭᠡ | ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠤᠷᠢᠨ ᠨᠢᠭᠡᠳᠦᠭᠡᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ ᠃ | | 3 ᠰᠠᠷ᠎ᠠ ᠶᠢᠨ 11 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ | ᠴᠢᠶᠠᠩ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠲᠡᠭᠦᠰᠬᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ | ᠡᠷᠭᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠂ ᠸᠠᠩ | ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠾᠧ ᠸᠧᠢ ᠂ ᠦ᠋ ᠸᠧᠢ ᠬᠤᠸᠠ ᠂ ᠲᠢᠶᠧ ᠨᠢᠩ ᠂ | ᠫᠧᠩ ᠴᠢᠩ ᠬᠤᠸᠠ ᠂ ᠵᠠᠩ ᠴᠢᠩ ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ · ᠵᠠᠺᠧᠯ ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ | ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃ | ᠰᠢ ᠶᠢᠨ ᠫᠢᠩ ᠂ ᠯᠢ ᠴᠢᠶᠠᠩ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠪᠣᠯᠣᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2956 ᠬᠥᠮᠥᠨ ᠪᠠᠶᠢᠵᠤ ᠂ 2900 ᠬᠥᠮᠥᠨ ᠣᠷᠣᠯᠴᠠᠵᠤ ᠂ 56 ᠬᠥᠮᠥᠨ ᠣᠷᠣᠯᠴᠠᠬᠰᠠᠨ ᠦᠭᠡᠢ ᠂ | ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ ᠃ | ᠦᠳᠡ ᠶᠢᠨ ᠬᠤᠶᠢᠨᠠᠬᠢ 3 ᠴᠠᠭ ᠲᠤ ᠵᠣᠣ ᠯᠧ ᠵᠢᠢ ᠬᠤᠷᠠᠯ ᠡᠬᠢᠯᠡᠭᠰᠡᠨ ᠢ ᠵᠠᠷᠯᠠᠪᠠ ᠃ | | 3 ᠰᠠᠷ᠎ᠠ ᠶᠢᠨ 11 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠬᠦ ᠬᠤᠷᠠᠯ ᠬᠢᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ ᠃ ᠰᠢᠢᠳᠪᠦᠷᠢ ᠳᠤ ᠂ ᠬᠤᠷᠠᠯ ᠠᠴᠠ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ ᠂ ᠳᠤᠰ | ᠢᠯᠡᠳᠬᠡᠯ ᠢ ᠵᠥᠪᠰᠢᠶᠡᠷᠡᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠶᠢ ᠪᠠᠲᠤᠯᠠᠪᠠ ᠃ ᠡᠨᠡ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ ᠂ | 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ ᠂ | 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠤᠬᠳᠠᠪᠠ ︔ 2023 ᠣᠨ ᠤ | ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ | ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠰᠢᠢᠳᠪᠦᠷᠢ ᠶᠢ ᠪᠠᠲᠤᠯᠠᠵᠤ ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ | ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ ᠂ 2024 ᠣᠨ ᠤ ᠲᠥᠪ ᠤᠨ ᠲᠥᠰᠥᠪ ᠢ | ᠵᠥᠪᠰᠢᠶᠡᠷᠡᠬᠦ ᠪᠠᠷ ᠲᠣᠭᠲᠠᠪᠠ ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ ᠃ ᠰᠢᠢᠳᠪᠦᠷᠢ ᠳᠤ ᠂ ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠮᠡᠳᠡᠭᠦᠯᠦᠯᠲᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ | ᠡᠭᠦᠷᠭᠡ ᠶᠢ ᠵᠥᠪᠰᠢᠶᠡᠷᠡᠵᠦ ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠃ | ᠳᠠᠷᠠᠭ᠎ᠠ ᠨᠢ ᠵᠤᠤ ᠯᠧ ᠵᠢᠢ ᠶᠠᠷᠢᠶ᠎ᠠ ᠲᠠᠯᠪᠢᠪᠠ ᠃ ᠲᠡᠷᠡ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠃ ᠪᠦᠭᠦ ᠲᠥᠯᠥᠭᠡᠯᠡᠭᠴᠢᠳ ᠪᠣᠯᠣᠨ ᠬᠤᠯᠪᠣᠭᠳᠠᠯ | ᠪᠦᠬᠦᠢ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠡᠭᠦᠷᠭᠡ ᠶᠢ | ᠲᠣᠳᠣᠷᠬᠠᠶᠢᠯᠠᠵᠤ ᠂ ᠢᠲᠡᠭᠡᠯ ᠢ ᠪᠠᠲᠤᠳᠬᠠᠪᠠ ᠂ ᠡᠨᠡ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ | ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ ᠭᠡᠵᠦ ᠬᠡᠯᠡᠪᠡ ᠃ | ᠵᠤᠤ ᠯᠧ ᠵᠢᠢ ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠨᠠᠮ ᠪᠣᠯᠣᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ ᠂ | ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠤᠷᠮ᠎ᠠ ᠰᠡᠳᠬᠢᠯᠭᠡ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ ᠂ ᠬᠤᠷᠠᠯ ᠤᠨ | ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠣᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠭᠦᠢᠴᠡᠳ ᠢᠯᠡᠷᠡᠭᠦᠯᠵᠦ ᠂ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠪᠣᠯᠣᠨ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠢᠯᠡᠷᠡᠭᠦᠯᠪᠡ ᠭᠡᠵᠦ ᠵᠢᠭᠠᠵᠤ | ᠭᠠᠷᠭᠠᠵᠠᠢ ᠃ | ᠵᠤᠤ ᠯᠧ ᠵᠢᠢ ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ ᠂ ︽ ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠶᠡᠭᠡ ᠬᠤᠷᠠᠯ ᠠᠴᠠ | ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠂ ᠪᠦᠯᠬᠦᠮᠳᠡᠨ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠃ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ ᠂ | ᠠᠷᠠᠳ ᠲᠦᠮᠡᠨ ᠤ ᠢᠯᠡᠳᠬᠡᠭᠰᠡᠨ ᠬᠦᠰᠡᠯ ᠰᠠᠨᠠᠭ᠎ᠠ ᠂ ᠡᠭᠦᠳᠦᠭᠰᠡᠨ ᠲᠤᠷᠰᠢᠯᠭ᠎ᠠ ᠂ ᠡᠳ᠋ᠯᠡᠵᠦ ᠪᠠᠶᠢᠭ᠎ᠠ ᠡᠷᠬᠡ ᠂ ᠪᠠᠳᠠᠷᠠᠭᠤᠯᠵᠤ ᠪᠠᠶᠢᠭ᠎ᠠ ᠦᠢᠯᠡᠳᠦᠯ ᠢ ᠭᠦᠢᠴᠡᠳ | ᠭᠦᠨᠳᠦᠳᠭᠡᠵᠦ ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠤᠷᠮ᠎ᠠ ᠰᠡᠳᠬᠢᠯᠭᠡ ᠪᠣᠯᠣᠨ ᠠᠮᠢᠵᠢᠷᠠᠯ ᠤᠨ ᠬᠦᠴᠦᠨ ᠢ | ᠬᠥᠭᠵᠢᠭᠡᠵᠦ ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠂ ᠦᠨᠡᠨ ᠬᠦ | ᠠᠳᠬᠤᠨ ᠪᠣᠳᠠᠲᠠᠢ ᠠᠵᠢᠯᠯᠠᠵᠤ ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠴᠢᠳᠠᠮᠠᠭᠠᠢ ᠠᠵᠢᠯᠯᠠᠨ ᠴᠢᠳᠠᠮᠠᠭᠠᠢ ᠪᠦᠲᠦᠭᠡᠵᠦ ᠂ ᠬᠦᠴᠢᠷ ᠪᠡᠷᠬᠡᠰᠢᠶᠡᠯ ᠢ ᠨᠢᠭᠡᠳ | ᠨᠢᠭᠡ ᠪᠠᠷ ᠴᠢᠷᠮᠠᠶᠢᠨ ᠢᠯᠡᠨ ᠳᠠᠪᠠᠵᠤ ᠂ ᠪᠣᠳᠠᠲᠠᠢ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠦᠨ ᠂ ᠪᠦᠯᠬᠦᠮᠳᠡᠨ | ᠲᠡᠮᠡᠴᠡᠬᠦ ᠳᠤᠮᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ ᠃ | ᠵᠤᠤ ᠯᠧ ᠵᠢᠢ ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ | ᠶᠠᠪᠤᠬᠤ ᠵᠠᠮ ᠮᠥᠨ ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ ᠂ ᠡᠷᠡᠯᠬᠡᠭᠯᠡᠨ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠦ ᠵᠢᠭᠠᠵᠤ ᠭᠠᠷᠭᠠᠪᠠ ᠃ | ᠦᠳᠡ ᠶᠢᠨ ᠬᠤᠶᠢᠨᠠᠬᠢ 3 ᠴᠠᠭ 31 ᠮᠢᠨᠦ᠋ᠲ ᠲᠤ ᠂ ᠵᠤᠤ ᠯᠧ ᠵᠢᠢ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠡᠭᠦᠰᠪᠡ ᠭᠡᠵᠦ ᠨᠡᠶᠢᠲᠡᠯᠡᠵᠡᠢ ᠃ ᠶᠡᠭᠡ ᠬᠤᠷᠠᠯ | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠥᠨᠳᠥᠷᠯᠡᠪᠡ ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠄ ᠮᠠ ᠰᠢᠩ ᠷᠦᠢ ᠂ ᠸᠠᠩ ᠢ ᠂ ᠶᠢᠨ ᠯᠢ ᠂ ᠱᠢ ᠲᠠᠢ ᠹᠧᠩ ᠂ ᠯᠢᠦ ᠭᠦᠸᠧ ᠵᠥᠩ ᠂ ᠯᠢ ᠭᠠᠨ | ᠵᠢᠶᠧ ᠂ ᠯᠢ ᠱᠣ᠋ ᠯᠧᠢ ᠂ ᠾᠧ ᠸᠧᠢ ᠳ᠋ᠦᠩ ᠂ ᠾᠧ ᠯᠢ ᠹᠧᠩ ᠂ ᠵᠠᠩ ᠶᠢᠣ ᠰᠢᠶᠠ ᠂ ᠵᠠᠩ ᠭᠦᠸᠧ ᠴᠢᠩ ᠂ ᠴᠧᠨ ᠸᠧᠨ ᠴᠢᠩ ᠂ ᠴᠧᠨ ᠵᠢᠢ ᠨᠢᠩ ᠂ ᠴᠧᠨ ᠮᠢᠨ | ᠡᠯ ᠂ ᠶᠤᠸᠠᠨ ᠵᠢᠶᠠ ᠵᠢᠶᠦ᠋ᠨ ᠂ ᠬᠤᠸᠠᠩ ᠺᠦᠨ ᠮᠢᠩ ᠂ ᠯᠢᠦ ᠶᠢᠨ ᠭᠦᠸᠧ ᠂ ᠸᠠᠩ ᠰᠢᠶᠣᠣ ᠬᠤᠩ ᠂ ᠦ᠋ ᠵᠧᠩ ᠯᠦᠩ ᠂ ᠱᠧᠨ ᠢ ᠴᠢᠨ ᠂ ᠵᠠᠩ ᠵᠢᠶᠦ᠋ᠨ ᠂ ᠶᠢᠩ | ᠶᠦᠩ ᠂ ᠬᠤ᠋ ᠴᠦᠨ ᠬᠤᠸᠠ ᠂ ᠱᠧᠨ ᠶᠤᠸᠠᠢ ᠶᠤᠸᠠᠢ ᠂ ᠸᠠᠩ ᠶᠦᠩ ᠂ ᠫᠠᠪᠠᠯᠠ · ᠭᠧᠯᠤᠭ᠍ᠨᠡᠮᠵᠢᠯ ᠂ ᠾᠧ ᠾᠧᠦ ᠬᠤᠸᠠ ᠂ ᠯᠢᠶᠠᠩ ᠵᠧᠨ ᠶᠢᠩ ᠂ ᠪᠠᠭᠠᠲᠤᠷ ᠂ ᠰᠦ᠋ | ᠬᠤᠶ ᠂ ᠱᠣᠤ ᠬᠤᠩ ᠂ ᠴᠧᠨ ᠦ᠋ ᠂ ᠮᠦ ᠬᠤᠩ ᠂ ᠰᠢᠶᠠᠨ ᠬᠤᠶ ᠂ ᠸᠠᠩ ᠳ᠋ᠦᠩ ᠹᠧᠩ ᠂ ᠵᠢᠶᠠᠩ ᠰᠢᠨ ᡁᠢ ᠂ ᠵᠢᠶᠠᠩ ᠽᠦᠸᠧ ᠵᠢᠶᠦ᠋ᠨ ᠂ ᠾᠧ ᠪᠦᠦ ᠰᠢᠶᠠᠩ ᠂ | ᠸᠠᠩ ᠭᠤᠸᠠᠩ ᠴᠢᠶᠠᠨ ᠂ ᠴᠢᠨ ᠪᠦᠸᠧ ᠶᠦᠩ ᠂ ᠵᠦ ᠶᠦᠩ ᠰᠢᠨ ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ | ᠯᠢ ᠂ ᠮᠢᠶᠣᠣ ᠬᠤᠸᠠ ᠂ ᠵᠠᠩ ᠱᠧᠩ ᠮᠢᠨ ᠨᠠᠷ ᠪᠤᠢ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠡᠯ᠎ᠡ ᠠᠷᠠᠳ ᠤᠨ ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠬᠰᠠᠨ ᠪᠤᠶᠤ | ᠶᠡᠭᠡ ᠬᠤᠷᠠᠯ ᠢ ᠰᠤᠯᠠ ᠰᠣᠨᠣᠰᠴᠠᠢ ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠣᠨᠣᠰᠪᠠ ᠃ | | |