| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ 2024 ᠣᠨ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠢᠷᠠᠭᠤ ᠰᠠᠶᠢᠬᠠᠨ ᠬᠠᠭᠤᠳᠠᠰᠤ ᠪᠢᠴᠢᠭᠯᠡᠭᠳᠡᠬᠦ ᠨᠢ ᠯᠠᠪᠲᠠᠢ – | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠃ ᠡᠭᠦᠨ ᠤ ᠬᠠᠮᠲᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠᠨ ᠤᠭᠲᠤᠨ | ᠠᠪᠤᠯ᠎ᠠ ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠲᠥᠯᠥᠪᠵᠢᠭᠦᠯᠦᠯᠲᠡ ᠪᠠᠶᠢᠷᠢᠯᠠᠭᠤᠯᠤᠯᠲᠠ ᠬᠢᠯ᠎ᠡ ᠃ | ᠣᠶᠢᠷ᠎ᠠ ᠶᠢᠨ ᠡᠳᠦᠷ ᠤᠨ ᠲᠤᠷᠰᠢ ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ ᠂ | ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠵᠤ ᠂ | ᠭᠤᠮᠢᠨᠳᠠᠩ ᠤᠨ ᠬᠤᠪᠢᠰᠬᠠᠯᠲᠤ ᠬᠤᠷᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤᠨᠢ ᠣᠷᠣᠯᠴᠠᠵᠤ ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ | ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ – ︽ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢᠶᠠᠨ ᠥᠭᠡᠷᠡᠴᠢᠯᠡᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠲᠦᠷᠦᠯ ᠬᠤᠪᠢᠶᠠᠨ ᠵᠢᠯᠣᠭᠤᠳᠤᠨ᠎ᠠ ︾ | ᠰᠢᠨ᠎ᠡ ᠬᠥᠭᠵᠢᠯᠲᠡ ᠶᠢᠨ ᠱᠠᠲᠤ ᠂ ᠰᠢᠨ᠎ᠡ ᠬᠥᠭᠵᠢᠯᠲᠡ ᠶᠢᠨ ᠦᠢᠯᠡᠳᠦᠯᠭᠡ ᠨᠢ ᠰᠢᠨ᠎ᠡ ᠬᠥᠭᠵᠢᠯᠲᠡ ᠶᠢᠨ ᠤᠨᠤᠯ ᠢᠶᠠᠷ ᠵᠢᠯᠣᠭᠤᠳᠤᠭᠤᠯᠬᠤ ᠴᠢᠬᠤᠯᠠᠲᠠᠢ ᠃ | ᠨᠢᠳᠤᠨᠤᠨ ᠠᠴᠠ ᠨᠠᠭᠠᠰᠢ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠪᠠᠰᠠ ᠨᠢᠭᠡ ᠤᠳᠠᠭ᠎ᠠ ᠪᠠᠶᠠᠯᠢᠭᠵᠢᠨ ᠬᠥᠭᠵᠢᠪᠡ – | ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ︾ ᠭᠡᠬᠦ ᠴᠢᠬᠤᠯᠠ ᠶᠡᠭᠡ | ᠤᠬᠠᠭᠳᠠᠬᠤᠨ ᠢ ᠳᠤᠷᠠᠳᠤᠭᠰᠠᠨ ᠠᠴᠠ ᠠᠪᠤᠭᠠᠳ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠴᠢᠬᠤᠯᠠ ᠪᠠᠶᠢᠷᠢᠯᠠᠭᠤᠯᠤᠯᠲᠠ ᠬᠢᠭᠰᠡᠨ ᠭᠦᠷᠲᠡᠯ᠎ᠡ ᠂ | ᠲᠠᠭᠢᠭᠠᠳ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢᠰᠲ᠋ᠧᠮ ᠲᠠᠢ ᠲᠣᠳᠣᠷᠬᠠᠶᠢᠯᠠᠨ | ᠥᠭᠦᠯᠡᠭᠰᠡᠨ ᠭᠦᠷᠲᠡᠯ᠎ᠡ ᠂ ᠶᠡᠷᠦᠩᠬᠡᠢ ᠱᠦᠵᠢ ᠰᠢ ᠶᠢᠨ ᠫᠢᠩ ᠭᠦᠨ ᠭᠦᠨᠵᠡᠭᠡᠢ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠳᠡᠭᠡᠳᠦ ᠬᠡᠮᠵᠢᠶᠡᠨ ᠤ ᠤᠨᠤᠯ ᠤᠨ | ᠤᠬᠠᠮᠰᠠᠷ ᠢᠶᠠᠷ ︽ ᠶᠠᠭᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ ᠂ ᠶᠠᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ ︾ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ | ᠥᠭᠴᠡᠢ ᠃ | ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠪᠦᠯᠭᠦᠮ ᠳᠤᠭᠤᠶᠢᠯᠠᠩ ᠳᠤ ᠬᠦᠷᠴᠦ ᠂ | ᠭᠤᠷᠪᠠ ᠤᠳᠠᠭ᠎ᠠ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ︾ ᠤ ᠲᠤᠬᠠᠢ ᠶᠠᠷᠢᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠠᠷᠭ᠎ᠠ ᠶᠢᠨ ᠤᠨᠤᠯ ᠢ ᠴᠢᠨᠠᠭᠰᠢᠳᠠ ᠲᠣᠳᠣᠷᠬᠠᠶᠢᠯᠠᠨ ᠥᠭᠦᠯᠡᠵᠡᠢ ᠃ | 3 ᠰᠠᠷ᠎ᠠ ᠶᠢᠨ 5 ᠤ ᠦᠳᠡ ᠶᠢᠨ ᠬᠤᠶᠢᠨ᠎ᠠ ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠂ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ ᠃ | ᠲᠢᠶᠠᠨ ᠾᠧ ᠭᠡᠷᠡᠯᠴᠢ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠢ ᠹᠠᠨ ᠲᠥᠯᠥᠭᠡᠯᠡᠭᠴᠢ ᠦᠭᠡ ᠬᠡᠯᠡᠬᠦ ᠦᠶ᠎ᠡ ᠳᠤ ᠂ | ᠭᠡᠷᠡᠯᠴᠢ ᠴᠡᠨᠡᠭ ᠤᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠭᠢᠯᠡᠭᠴᠢ ᠪᠤᠯᠬᠤ ᠲᠡᠭᠦᠨ ᠤ | ᠨᠥᠭᠦᠭᠡ ᠨᠢᠭᠡ ᠪᠡᠶ᠎ᠡ ᠶᠢᠨ ᠭᠠᠷᠤᠯ ᠨᠢ ᠶᠡᠷᠦᠩᠬᠡᠢ ᠱᠦᠵᠢ ᠶᠢᠨ ᠠᠩᠬᠠᠷᠤᠯ ᠢ ᠲᠠᠲᠠᠪᠠ ᠃ | ︽ ᠲᠠᠨ ᠤ ᠡᠨᠡ ᠬᠦ ᠲᠤᠷᠰᠢᠯᠲᠠ ᠶᠢᠨ ᠲᠠᠰᠤᠭ ᠴᠢᠨᠢ ᠬᠠᠮᠢᠭ᠎ᠠ ᠲᠣᠬᠢᠷᠠᠭᠤᠯᠤᠭᠰᠠᠨ ᠪᠤᠢ ︖ ︾ ᠭᠡᠵᠦ ᠶᠡᠷᠦᠩᠬᠡᠢ ᠱᠦᠵᠢ ᠠᠰᠠᠭᠤᠪᠠ ᠃ | ︽ ᠴᠠᠩᠵᠸᠦ ᠪᠣᠯᠣᠨ ᠱᠠᠩᠬᠠᠢ ᠳᠤ ᠪᠦᠷ ᠪᠤᠢ ᠂ ᠪᠢᠳᠡ ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ ᠬᠤᠯᠪᠤᠭᠠᠯᠠᠨ ᠪᠦᠲᠦᠭᠡᠨ ᠪᠠᠶᠢᠭᠤᠯᠵᠤ ᠂ ᠰᠠᠭᠤᠷᠢ | ᠰᠤᠳᠤᠯᠭᠠᠨ ᠂ ᠬᠤᠰᠢᠭᠤᠷᠠᠯ ᠰᠤᠳᠤᠯᠭᠠᠨ ᠂ ᠬᠡᠷᠡᠭᠯᠡᠭᠡᠨ ᠤ ᠰᠤᠳᠤᠯᠭᠠᠨ ᠢ ᠨᠡᠪᠲᠡᠷᠡᠭᠦᠯᠵᠡᠢ ︾ ᠭᠡᠵᠦ ᠭᠤᠤ ᠵᠢᠢ ᠹᠠᠨ ᠬᠡᠯᠡᠪᠡ ᠃ | ︽ ᠭᠡᠷᠡᠯᠴᠢ ᠴᠡᠨᠡᠭ ᠤᠨ ᠠᠵᠤ ᠦᠢᠯᠡᠰ ᠢ ᠤᠯᠤᠰ ᠲᠠᠭᠠᠨ ᠦᠢᠯᠡᠳᠪᠦᠷᠢᠯᠡᠬᠦ ᠲᠠᠯ᠎ᠠ ᠠᠴᠠ ᠠᠪᠴᠤ ᠦᠵᠡᠪᠡᠯ ᠪᠠᠰᠠ ᠶᠠᠮᠠᠷ ᠳᠤᠲᠠᠭᠤᠳᠠᠯ ᠪᠠᠶᠢᠬᠤ ᠪᠤᠶ ︖ ︾ ᠂ | ︽ ᠣᠳᠣ ᠴᠠᠭᠢᠯᠭᠠᠨ ᠲᠣᠣᠷ ᠲᠠᠢ ᠵᠠᠯᠭᠠᠬᠤ ᠳᠤ ᠶᠠᠮᠠᠷ ᠠᠰᠠᠭᠤᠳᠠᠯ ᠪᠠᠶᠢᠨ᠎ᠠ ᠦᠦ ︖ ︾ ᠭᠡᠵᠦ ᠶᠡᠷᠦᠩᠬᠡᠢ ᠱᠦᠵᠢ ᠮᠠᠰᠢ ᠨᠠᠷᠢᠨ ᠠᠰᠠᠭᠤᠪᠠ ᠃ | ᠭᠤᠤ ᠵᠢᠢ ᠹᠠᠨ ᠶᠡᠷᠦᠩᠬᠡᠢ ᠱᠦᠵᠢ ᠳᠤ ᠂ ᠲᠡᠭᠦᠨ ᠤ ᠪᠠᠶᠢᠭ᠎ᠠ ᠠᠵᠤ ᠠᠬᠤᠶᠢᠯᠠᠯ ᠨᠢ 20 ᠭᠠᠷᠤᠢ ᠵᠢᠯ ᠤᠨ ᠲᠤᠷᠰᠢ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠭᠡᠷᠡᠯᠴᠢ ᠴᠡᠨᠡᠭ ᠤᠨ ᠬᠦᠷᠢᠶᠡᠨ ᠤ ᠮᠡᠷᠭᠡᠵᠢᠯ ᠤᠨ ᠥᠨᠳᠦᠷᠯᠢᠭ ᠢ ᠴᠢᠷᠮᠠᠶᠢᠨ ᠡᠵᠡᠯᠡᠪᠡ ᠃ ᠰᠤᠷᠭᠠᠭᠤᠯᠢ ᠠᠵᠤ | ᠠᠬᠤᠶᠢᠯᠠᠯ ᠬᠠᠮᠲᠤᠷᠠᠯᠴᠠᠬᠤ ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠡᠪᠲᠡᠷᠡᠭᠦᠯᠬᠦ ᠪᠠᠷ ᠳᠠᠮᠵᠢᠭᠤᠯᠤᠨ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠠᠮ ᠢᠶᠠᠷ ᠵᠠᠮᠨᠠᠵᠤ ᠂ ᠲᠣᠨᠣᠭᠯᠠᠯ ᠂ ᠲᠦᠭᠦᠬᠡᠢ ᠮᠠᠲ᠋ᠧᠷᠢᠶᠠᠯ ᠢ ᠦᠨᠳᠦᠰᠦᠨ ᠳᠡᠭᠡᠨ ᠤᠯᠤᠰ ᠲᠠᠭᠠᠨ | ᠦᠢᠯᠡᠳᠪᠦᠷᠢᠯᠡᠬᠦ ᠶᠢ ᠡᠵᠡᠮᠳᠡᠵᠦ ᠪᠣᠯᠣᠨ᠎ᠠ ᠭᠡᠵᠦ ᠬᠡᠯᠡᠵᠦ ᠥᠭᠴᠡᠢ ᠃ | ᠶᠡᠷᠦᠩᠬᠡᠢ ᠱᠦᠵᠢ ᠲᠣᠯᠣᠭᠠᠢ ᠳᠣᠬᠢᠨ ᠮᠠᠭᠲᠠᠨ ᠰᠠᠶᠢᠰᠢᠶᠠᠪᠠ ᠃ | ᠶᠡᠷᠦᠩᠬᠡᠢ ᠱᠦᠵᠢ ᠰᠢ ᠶᠢᠨ ᠫᠢᠩ ᠤᠨ ᠦᠵᠡᠬᠦ ᠪᠠᠷ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ︽ ᠣᠨᠴᠠᠯᠢᠭ ᠨᠢ ᠰᠢᠨ᠎ᠡ ᠶᠢ ᠡᠭᠦᠳᠬᠦ ᠳᠤ | ᠪᠤᠢ ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠢ ︾ ᠃ ᠡᠭᠦᠨ ᠳᠤ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠭᠤᠣᠯᠯᠠᠬᠤ ᠦᠢᠯᠡᠳᠦᠯ ᠦᠵᠡᠭᠦᠯᠵᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠭᠤᠣᠯ ᠬᠦᠴᠦᠨ ᠵᠦᠢᠯ ᠪᠣᠯᠣᠨ᠎ᠠ ᠃ | ᠨᠢᠳᠤᠨᠤᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ | ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠂ ᠵᠢᠶᠠᠩᠰᠤ ᠳᠤ ︽ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ ︾ ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ ᠶᠢ ᠣᠯᠭᠤᠪᠠ ᠃ | ᠡᠨᠡ ᠤᠳᠠᠭ᠎ᠠ ᠂ ᠶᠡᠷᠦᠩᠬᠡᠢ ᠱᠦᠵᠢ ᠵᠢᠶᠠᠩᠰᠤ ᠶᠢ ︽ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠨ ᠴᠣᠭᠴᠠᠯᠠᠵᠤ ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ︾ ᠭᠡᠵᠦ ᠵᠣᠷᠢᠭᠵᠢᠭᠤᠯᠪᠠ ᠃ | ᠬᠢᠨᠠᠨ ᠵᠥᠪᠯᠡᠬᠦ ᠳᠤᠮᠳᠠ ᠂ ᠵᠢᠶᠠᠩᠰᠤ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡ ᠵᠢᠯ ᠤᠨ ᠲᠤᠷᠰᠢᠬᠢ ᠡᠨᠡ ᠬᠦ ᠵᠡᠭᠦᠨ ᠣᠷᠣᠨ ᠤ ᠠᠵᠤ | ᠠᠬᠤᠢ ᠶᠢᠨ ᠲᠣᠮᠣ ᠮᠤᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ ᠄ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠡᠷᠴᠢᠮ 3.2% ᠣᠷᠴᠢᠮ ᠪᠠᠶᠢᠵᠤ ᠂ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ 41.3% ᠪᠠ 49.9% ᠪᠤᠯᠲᠠᠯ᠎ᠠ ᠳᠡᠭᠡᠭᠰᠢᠯᠡᠭᠦᠯᠪᠡ ᠁ | ︽ ᠵᠢᠶᠠᠩᠰᠤ ᠪᠣᠯ ᠦᠢᠯᠡᠳᠬᠦ ᠦᠢᠯᠡᠰ ᠤᠨ ᠲᠣᠮᠣ ᠮᠤᠵᠢ ᠮᠥᠨ ᠃ ᠪᠦᠭᠦ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ ᠂ ᠲᠠ ᠨᠠᠷ ᠤᠨ ᠬᠢ 12.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ ᠂ ᠶᠠᠭ ᠠᠷᠪᠠᠨ ᠤ ᠨᠢᠭᠡ ᠪᠣᠯᠣᠨ᠎ᠠ ᠂ ᠲᠤᠩ ᠰᠦᠷᠡᠬᠡᠢ | ᠪᠠᠶᠢᠨ᠎ᠠ ᠃ ᠵᠢᠶᠠᠩᠰᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠨᠥᠬᠦᠴᠡᠯ ᠪᠣᠯᠣᠨ ᠴᠢᠳᠠᠪᠤᠷᠢ ᠲᠠᠢ ᠶᠤᠮ ︾ ᠃ ᠶᠡᠷᠦᠩᠬᠡᠢ | ᠱᠦᠵᠢ ᠰᠢ ᠶᠢᠨ ᠫᠢᠩ ᠄ ︽ ᠬᠡᠳᠦᠨ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ ᠂ ᠪᠢ ᠠᠵᠤ ᠠᠬᠤᠢ ᠶᠢᠨ | ᠬᠥᠭᠵᠢᠯᠲᠡ ᠶᠢᠨ ᠲᠤᠬᠠᠢ ᠶᠠᠷᠢᠬᠤ ᠳᠠᠭᠠᠨ ᠪᠦᠷ ᠭᠤᠸᠠᠩᠳᠦ᠋ᠩ ᠂ ᠵᠢᠶᠠᠩᠰᠤ ᠵᠡᠷᠭᠡ ᠠᠵᠤ ᠠᠬᠤᠢ ᠶᠢᠨ ᠲᠣᠮᠣ ᠮᠤᠵᠢ ᠶᠢ ᠳᠤᠷᠠᠳᠴᠤ ᠂ ᠲᠠ ᠨᠠᠷ ᠡᠨᠡ ᠬᠦ | ᠨᠢᠷᠤᠭᠤ ᠶᠢ ᠲᠤᠯᠭᠠᠭᠤᠷᠢ ᠪᠤᠯᠬᠤ ᠦᠭᠡᠢ ᠪᠣᠯ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠶᠤᠮ ᠭᠡᠵᠦ ᠬᠡᠯᠡᠵᠦ ᠥᠩᠭᠡᠷᠡᠭᠰᠡᠨ ᠶᠤᠮ ᠃ | ᠲᠠ ᠨᠠᠷ ᠮᠠᠰᠢ ᠴᠢᠬᠤᠯᠠ ᠪᠠᠶᠢᠵᠤ ᠂ ᠣᠷᠣᠯᠠᠭᠤᠯᠵᠤ ᠪᠣᠯᠣᠰᠢ ᠦᠭᠡᠢ ︾ ᠭᠡᠵᠦ ᠬᠡᠯᠡᠪᠡ ᠃ | ᠠᠮᠵᠢᠯᠲᠠ ᠶᠢ ᠨᠤᠲᠠᠯᠠᠬᠤ ᠶᠢᠨ ᠵᠡᠷᠭᠡ ᠪᠠᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ ᠄ ︽ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ ᠂ ᠪᠢᠳᠡ ᠡᠷᠬᠡᠪᠰᠢ ᠠᠵᠠ ᠲᠣᠭᠢᠶᠠᠯ ᠢ ᠠᠮᠵᠢᠵᠤ ᠂ | ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ | ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ︾ ᠃ | ᠡᠳᠡᠭᠡᠷ ᠦᠭᠡ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠪᠲᠤᠯᠤᠯᠲᠠ ᠶᠢᠨ ᠴᠡᠭ ᠪᠠ ᠭᠤᠣᠯ ᠰᠢᠪᠲᠤᠯᠬᠤ ᠴᠢᠭᠯᠡᠯ ᠢ | ᠲᠣᠳᠣᠷᠬᠠᠢ ᠵᠢᠭᠠᠵᠤ ᠭᠠᠷᠭᠠᠪᠠ ᠃ | ︽ ᠶᠠᠷᠢᠶᠠᠨ ᠦᠭᠡᠢ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ | ᠲᠠᠶᠠᠭᠳᠠᠬᠤ ᠶᠠᠪᠤᠳᠠᠯ ᠪᠢᠰᠢ ᠂ ᠨᠢᠭᠡ ᠯᠡ ᠳᠡᠭᠡᠷ᠎ᠡ ᠳᠦᠷᠭᠢᠯᠳᠦᠵᠦ ᠂ ᠬᠥᠭᠡᠰᠦᠷᠡᠬᠦ ᠠᠴᠠ ᠰᠡᠷᠭᠡᠶᠢᠯᠡᠬᠦ ᠬᠡᠷᠡᠭᠲᠡᠢ ᠂ ᠪᠠᠰᠠ ᠨᠢᠭᠡ ᠯᠡ ᠵᠦᠢᠯ ᠤᠨ ᠵᠠᠭᠪᠤᠷ ᠢᠶᠠᠷ | ᠶᠠᠪᠤᠭᠳᠠᠭᠤᠯᠵᠤ ᠪᠤᠯᠬᠤ ᠦᠭᠡᠢ ︾ ᠃ ᠶᠡᠷᠦᠩᠬᠡᠢ ᠱᠦᠵᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠨᠡᠩ ᠭᠦᠨᠵᠡᠭᠡᠢ | ᠪᠣᠳᠣᠯᠬᠢᠯᠠᠯ ᠢᠶᠠᠨ ᠳᠡᠯᠭᠡᠯ᠎ᠡ ᠃ | ᠨᠢᠭᠡ ᠯᠡ ᠠᠳᠠᠯᠢ ᠦᠭᠡ ᠶᠢ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠡᠳᠦᠷ ᠨᠢ ᠶᠠᠪᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ | ᠬᠠᠮᠲᠤᠷᠠᠭᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ ᠃ | 3 ᠰᠠᠷ᠎ᠠ ᠶᠢᠨ 6 ᠤ ᠦᠳᠡ ᠶᠢᠨ ᠬᠤᠶᠢᠨ᠎ᠠ ᠂ ᠪᠡᠭᠡᠵᠢᠩ ᠤᠨ ᠨᠥᠬᠦᠷᠯᠡᠯ ᠵᠣᠴᠢᠳ ᠤᠨ ᠪᠠᠭᠤᠳᠠᠯ ᠤᠨ ᠵᠢᠦᠢ ᠶᠢᠩ ᠲᠢᠩᠬᠢᠮ ᠳᠤ ᠠᠷᠠᠳᠴᠢᠯᠠᠭᠰᠠᠨ | ᠪᠦᠯᠬᠦᠮᠳᠡᠯ ᠲᠠᠢ ᠪᠣᠳᠠᠲᠠᠢ ᠶᠢ ᠡᠷᠬᠢᠮᠯᠡᠵᠦ ᠡᠷᠡᠮᠡᠬᠡᠶᠢᠯᠡᠨ ᠤᠷᠤᠭᠰᠢᠯᠠᠬᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ ᠃ ᠶᠡᠷᠦᠩᠬᠡᠢ ᠱᠦᠵᠢ ᠰᠢ ᠶᠢᠨ ᠫᠢᠩ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ ᠂ ᠶᠠᠷᠢᠶᠠᠨ ᠤ ᠰᠡᠳᠦᠪ ᠠᠭᠠᠵᠢᠮ ᠢᠶᠠᠷ ︽ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ︾ ᠳᠡᠭᠡᠷ᠎ᠡ ᠲᠥᠪᠯᠡᠷᠡᠪᠡ ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠬᠢᠨ ᠠᠴᠠ ᠢᠷᠡᠭᠰᠡᠨ ᠵᠤᠤ ᠢᠦᠢ ᠯᠢᠶᠠᠩ ᠭᠡᠰᠢᠭᠦᠨ ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠪᠠᠷ ᠭᠠᠷᠳᠠᠴᠠ ᠪᠤᠯᠭᠠᠵᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠰᠠᠨᠠᠭᠤᠯᠪᠠ ᠃ | ᠲᠡᠷᠡ ᠄ ︽ ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠨᠢ ᠤᠯᠠᠨ ᠪᠤᠯᠪᠠᠴᠤ | ᠨᠠᠶᠢᠳᠠᠪᠤᠷᠢᠵᠢᠭᠤᠯᠵᠤ ᠣᠨᠳᠣᠣᠰᠢᠭᠤᠯᠤᠭᠰᠠᠨ ᠨᠢ ᠪᠠᠭ᠎ᠠ ᠃ ᠮᠠᠨ ᠤ ᠤᠯᠤᠰ ᠤᠨ ᠠᠵᠤ ᠠᠬᠤᠶᠢᠯᠠᠯ ᠤᠨ ᠲᠤᠰᠬᠠᠢ ᠠᠰᠢᠭ ᠤᠨ ᠤᠨᠳᠤᠤᠰᠢᠭᠤᠯᠤᠯᠳᠠ ᠪᠠᠰᠠ | ᠨᠡᠯᠢᠶᠡᠳ ᠶᠡᠭᠡ ᠣᠷᠣᠨ ᠵᠠᠢ ᠲᠠᠢ ᠪᠠᠶᠢᠨ᠎ᠠ ᠃ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ︿ ᠬᠠᠷᠢᠯᠴᠠᠨ ᠤᠶᠠᠯᠳᠤᠬᠤ ᠳᠤ ᠪᠡᠷᠬᠡ ﹀ ᠪᠠᠶᠢᠬᠤ | ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠦᠷᠢᠯᠳᠦᠬᠦ ᠶᠢ ᠬᠠᠷᠰᠢᠯᠠᠵᠤ ᠪᠠᠶᠢᠭ᠎ᠠ ᠪᠣᠭᠤᠮᠢ ᠮᠥᠨ ︾ ᠭᠡᠵᠦ ᠠᠵᠢᠯ ᠤᠨ ᠥᠩᠭᠡᠷᠡᠯᠲᠡ ᠲᠠᠢ ᠪᠠᠨ | ᠤᠶᠠᠯᠳᠤᠭᠤᠯᠤᠨ ᠭᠦᠨ ᠲᠥᠷᠥᠭᠳᠡᠯ ᠲᠠᠢ ᠬᠡᠯᠡᠪᠡ ᠃ | ᠶᠡᠷᠦᠩᠬᠡᠢ ᠱᠦᠵᠢ ᠰᠢ ᠶᠢᠨ ᠫᠢᠩ ᠄ ︽ ᠥᠩᠭᠡᠷᠡᠭᠰᠡᠨ ᠤ ᠰᠤᠳᠤᠯᠭᠠᠨ ᠪᠣᠯᠣᠨ ᠦᠢᠯᠡᠳᠪᠦᠷᠢᠯᠡᠯ ᠠᠰ ᠠᠰ ᠲᠠᠭᠠᠨ ᠶᠠᠪᠤᠭᠳᠠᠵᠤ ᠪᠠᠶᠢᠭᠰᠠᠨ ᠶᠤᠮ ᠂ ᠤᠳᠤ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠨᠤᠷᠮ᠎ᠠ ᠥᠩᠭᠡᠷᠡᠭᠰᠡᠨ ᠤ ᠬᠢ ᠠᠴᠠ ᠬᠤᠯᠠ ᠥᠨᠳᠥᠷ ᠪᠣᠯᠵᠠᠢ ᠂ ᠢᠯᠠᠩᠭᠤᠶ᠎ᠠ ᠠᠵᠤ | ᠠᠬᠤᠶᠢᠯᠠᠯ ᠤᠨ ᠲᠤᠰ ᠪᠡᠶ᠎ᠡ ᠶᠢᠨ ᠰᠢᠭᠤᠳ ᠰᠤᠳᠤᠯᠤᠨ ᠨᠡᠭᠡᠭᠡᠯᠲᠡ ᠨᠢ ᠦᠷ᠎ᠡ ᠪᠦᠲᠦᠭᠡᠯ ᠢ ᠣᠨᠳᠣᠣᠰᠢᠭᠤᠯᠵᠤ ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ | ᠠᠬᠤᠶᠢᠯᠠᠯ ᠬᠠᠮᠲᠤ ᠶᠢᠨ ᠴᠣᠭᠴᠠ ᠶᠢ ᠪᠦᠷᠢᠯᠳᠦᠭᠦᠯᠪᠡ ᠂ ᠡᠶᠢᠮᠦᠷᠬᠦᠦ ᠬᠠᠨᠳᠤᠰᠢ ᠴᠢᠭᠯᠡᠯ ᠨᠢ ᠵᠥᠪ ᠪᠠᠶᠢᠨ᠎ᠠ ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠂ | ᠤᠷᠮᠠᠰᠢᠭᠤᠯᠤᠨ ᠵᠣᠷᠢᠭᠵᠢᠭᠤᠯᠬᠤ ᠂ ᠠᠬᠢᠭᠤᠯᠬᠤ ᠲᠦᠷᠦ ᠶᠢᠨ ᠪᠣᠳᠣᠯᠭ᠎ᠠ ᠶᠢ ᠤᠯᠠᠮ ᠰᠠᠶᠢᠲᠤᠷ ᠠᠳᠬᠤᠬᠤ ᠬᠡᠷᠡᠭᠲᠡᠢ ︾ ᠭᠡᠵᠦ ᠬᠠᠷᠢᠭᠤᠯᠪᠠ ᠃ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ ᠂ ︽ ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ ᠂ ᠤᠷᠢᠳ ᠢᠶᠠᠷ ᠰᠢᠨ᠎ᠡ ᠶᠢ | ᠪᠠᠶᠢᠭᠤᠯᠤᠨ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠲᠦᠷᠦᠯ ᠬᠤᠪᠢᠶᠠᠨ ᠵᠢᠯᠤᠭᠤᠳᠬᠤ ᠬᠡᠷᠡᠭᠲᠡᠢ ︾ | ᠭᠡᠵᠦ ᠴᠢᠬᠤᠯᠠᠴᠢᠯᠠᠪᠠ ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠳᠤ ᠂ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠣᠭᠤᠮᠢ ᠶᠢ ᠬᠦᠴᠦᠯᠡᠨ ᠨᠡᠪᠲᠡᠷᠡᠭᠦᠯᠬᠦ ᠬᠡᠷᠡᠭᠲᠡᠢ ︾ ᠭᠡᠵᠦ ᠳᠤᠷᠠᠳᠴᠠᠢ ︔ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ ᠂ ︽ ᠨᠡᠩ ᠤᠯᠠᠨ ᠤᠤᠭᠠᠯ ᠡᠭᠦᠳᠦᠯᠲᠡ ᠶᠢᠨ ᠴᠢᠨᠠᠷᠲᠠᠢ ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠵᠡᠮᠰᠢᠵᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ ︾ ᠭᠡᠵᠦ ᠱᠠᠭᠠᠷᠳᠠᠪᠠ ︔ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ ᠂ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ | ᠪᠦᠬᠦᠢ ᠲᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ ︾ ᠭᠡᠵᠦ ᠱᠠᠭᠠᠷᠳᠠᠪᠠ ᠁ | | ᠣᠳᠣᠬᠠᠨ ᠪᠠ ᠠᠯᠤᠰ ᠭᠡᠲᠦ ᠳᠤ ᠰᠠᠭᠤᠷᠢᠯᠠᠨ ᠂ ᠣᠷᠣᠨ ᠪᠦᠰᠡ ᠪᠠ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠂ ᠶᠡᠷᠦᠩᠬᠡᠢ ᠱᠦᠵᠢ ᠰᠢ ᠶᠢᠨ ᠫᠢᠩ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠤᠯᠠᠮ ᠰᠢᠰᠲ᠋ᠧᠮ ᠲᠠᠢ ᠲᠣᠳᠣᠷᠬᠠᠶᠢᠯᠠᠨ | ᠥᠭᠦᠯᠡᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ | ᠠᠶᠠᠯᠠᠯ ᠢ ᠵᠢᠯᠣᠭᠤᠳᠤᠨ ᠴᠢᠭᠯᠡᠯ ᠢ ᠲᠣᠭᠲᠠᠭᠠᠵᠠᠢ ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢᠰᠤᠩᠭᠤᠢ ᠠᠷᠭ᠎ᠠ – ︽ ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ | ᠵᠣᠬᠢᠮᠤᠢ ︾ | ︽ ᠪᠢᠳᠡ ᠨᠢᠩᠰᠢᠶᠠ ᠶᠢᠨ ᠭᠦᠶᠤᠸᠠᠨ ᠳᠤ ᠤᠰᠤᠨ ᠤ ᠣᠷᠴᠢᠨ ᠲᠣᠭᠤᠷᠢᠨ ᠤ ᠵᠠᠰᠠᠯᠲᠠ ᠬᠢᠵᠦ ᠪᠠᠶᠢᠬᠤ ᠦᠶ᠎ᠡ ᠳᠤ ᠂ ᠲᠤᠬᠠᠢ ᠶᠢᠨ ᠭᠠᠵᠠᠷ ᠤᠨ ᠠᠷᠠᠳ ᠴᠠᠢ | ᠬᠤᠭᠤᠯᠠ ᠬᠦᠷᠭᠡᠵᠦ ᠂ ᠮᠠᠨ ᠤ ᠠᠵᠢᠯ ᠢ ᠳᠡᠮᠵᠢᠪᠡ ︾ | ︽ ᠲᠠ ᠨᠠᠷ ᠭᠤᠣᠯᠳᠠᠭᠤ ᠶᠠᠮᠠᠷ ᠶᠠᠩᠵᠤ ᠶᠢᠨ ᠤᠰᠤ ᠵᠠᠰᠠᠬᠤ ᠠᠷᠭ᠎ᠠ ᠶᠢ ᠬᠡᠷᠡᠭᠯᠡᠭᠰᠡᠨ ᠪᠤᠢ ︖ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠪᠤᠢ ︖ ︾ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠪᠡᠭᠡᠵᠢᠩ ᠤᠨ ᠱᠧᠦ ᠴᠤᠸᠠᠩ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠦᠯᠦᠭᠯᠡᠯ ᠤᠨ ᠬᠤᠸᠠᠩ ᠮᠢᠶᠠᠨ ᠰᠦᠩ ᠭᠡᠰᠢᠭᠦᠨ ᠤ ᠶᠠᠷᠢᠵᠤ ᠪᠠᠶᠢᠭᠰᠠᠨ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠦᠯᠢᠭᠡᠷ ᠢ | ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠦᠭᠡ ᠡᠯᠭᠦᠵᠦ ᠠᠰᠠᠭᠤᠪᠠ ᠃ | ᠭᠦᠶᠤᠸᠠᠨ ᠤ ᠪᠠᠶᠢᠭ᠎ᠠ ᠰᠢ ᠬᠠᠢ ᠭᠦ᠋ ᠣᠷᠣᠨ ᠨᠢ ︽ ᠬᠦᠴᠢᠷ ᠵᠣᠪᠠᠭᠤᠷᠢ ᠪᠠᠷ ᠳᠦᠭᠦᠷᠦᠭᠰᠡᠨ ᠭᠠᠵᠠᠷ ︾ ᠪᠣᠯᠣᠨ᠎ᠠ ᠃ ᠣᠷᠣᠨ ᠨᠤᠲᠤᠭ ᠲᠤ ᠠᠵᠢᠯᠯᠠᠭᠰᠠᠨ ᠴᠤ | ᠲᠡᠷᠡ ᠂ ᠲᠥᠪ ᠬᠤᠷᠢᠶ᠎ᠠ ᠳᠤ ᠠᠵᠢᠯᠯᠠᠭᠰᠠᠨ ᠴᠤ ᠲᠡᠷᠡ ᠂ ᠰᠢ ᠶᠢᠨ ᠫᠢᠩ ᠨᠥᠬᠦᠷ ᠴᠥᠮ ᠰᠢ ᠬᠠᠢ ᠭᠦ᠋ ᠶᠢ ᠰᠠᠨᠠᠭᠠᠯᠵᠠᠵᠤ ᠂ ᠡᠨᠡ ᠬᠦ ᠭᠠᠵᠠᠷ ᠣᠷᠣᠨ ᠤ | ᠬᠥᠭᠵᠢᠯᠲᠡ ᠳᠤ ᠶᠡᠭᠡ ᠬᠡᠮᠵᠢᠶᠡᠨ ᠤ ᠬᠦᠴᠦ ᠵᠠᠷᠤᠴᠠᠭᠤᠯᠤᠭᠰᠠᠨ ᠶᠤᠮ ᠃ | ᠬᠤᠸᠠᠩ ᠮᠢᠶᠠᠨ ᠰᠦᠩ ᠶᠡᠷᠦᠩᠬᠡᠢ ᠱᠦᠵᠢ ᠳᠤ ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠂ ᠭᠦᠶᠤᠸᠠᠨ ᠤ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠵᠢᠯ ᠠᠴᠠ ᠵᠢᠯ ᠰᠠᠶᠢᠵᠢᠷᠠᠵᠤ ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠳᠡᠯᠡᠬᠡᠢ ᠶᠢᠨ ᠡᠯ᠎ᠡ ᠭᠠᠵᠠᠷ ᠤᠨ ᠵᠢᠭᠤᠯᠴᠢᠯᠠᠬᠰᠠᠳ ᠢ 42.8 ᠲᠦᠮᠡᠨ | ᠬᠥᠮᠥᠨ ᠤᠳᠠᠭ᠎ᠠ ᠭᠥᠯᠢᠶᠡᠨ ᠠᠪᠴᠤ ᠂ ᠵᠢᠭᠤᠯᠴᠢᠯᠠᠯ ᠤᠨ ᠣᠷᠣᠯᠭ᠎ᠠ 2.15 ᠳ᠋ᠦᠩᠰᠢᠭᠤᠷ ᠲᠥᠭᠦᠷᠢᠭ ᠲᠤ ᠬᠦᠷᠴᠦ ᠂ ᠠᠮᠢ ᠠᠬᠤᠢ ᠶᠢᠨ ᠦᠢᠯᠡᠳᠬᠦᠨ ᠤ ᠦᠷᠳᠡᠭ | ᠲᠠᠰᠤᠷᠠᠯᠳᠠ ᠦᠭᠡᠢ ᠪᠡᠶᠡᠯᠡᠭᠳᠡᠪᠡ ᠭᠡᠵᠦ ᠬᠡᠯᠡᠵᠦ ᠥᠭᠴᠡᠢ ᠃ | ︽ ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠮ ᠤᠨ ᠲᠥᠪ ᠬᠤᠷᠢᠶ᠎ᠠ ᠢᠮᠠᠭᠲᠠ ᠴᠢᠬᠤᠯᠠᠴᠢᠯᠠᠭᠰᠠᠭᠠᠷ ᠢᠷᠡᠵᠠᠢ ᠂ ᠣᠨᠴᠠᠭᠠᠶᠢᠯᠠᠨ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠢᠰᠬᠦ ᠮᠡᠲᠦ ᠲᠦᠷᠭᠡᠨ ᠬᠥᠭᠵᠢᠵᠦ ᠂ ᠯᠤᠲᠤ ᠶᠡᠭᠡ ᠬᠤᠪᠢᠷᠠᠯᠲᠠ ᠲᠠᠢ ᠪᠣᠯᠵᠠᠢ ︾ ᠂ ᠶᠡᠷᠦᠩᠬᠡᠢ ᠱᠦᠵᠢ ᠰᠢ ᠶᠢᠨ ᠫᠢᠩ | ᠪᠠᠭ᠎ᠠ ᠶᠢᠨ ᠦᠶ᠎ᠡ ᠶᠢᠨ ᠢᠶᠠᠨ ᠪᠡᠭᠡᠵᠢᠩ ᠬᠤᠳᠠ ᠶᠢ ᠡᠷᠭᠢᠴᠡᠭᠦᠯᠬᠦ ᠳᠡᠭᠡᠨ ︽ ᠦᠷᠭᠦᠯᠵᠢ ᠡᠯᠡᠰᠦᠨ ᠰᠢᠭᠤᠷᠭ᠎ᠠ ᠳᠡᠭᠳᠡᠳᠡᠭ ᠃ ᠬᠠᠪᠤᠷ ᠠᠮᠠᠪᠴᠢ ᠵᠡᠭᠦᠵᠦ ᠂ | ᠠᠮᠠᠪᠴᠢ ᠪᠠᠨ ᠠᠪᠬᠤ ᠳᠤ ᠳᠡᠭᠡᠷ᠎ᠡ ᠨᠢ ᠴᠥᠮ ᠲᠣᠭᠤᠰᠣ ᠰᠠᠭᠤᠴᠢᠬᠠᠭᠰᠠᠨ ᠪᠠᠶᠢᠳᠠᠭ ᠃ ᠭᠠᠳᠠᠭᠰᠢ ᠭᠠᠷᠤᠭᠠᠳ ᠣᠷᠣᠵᠤ ᠢᠷᠡᠪᠡᠯ ᠂ ᠭᠡᠷ ᠤᠨ ᠱᠠᠯᠠ ᠳᠡᠭᠡᠷ᠎ᠡ | ᠴᠥᠮ ᠰᠢᠷᠣᠢ ᠰᠠᠭᠤᠴᠢᠬᠠᠭᠰᠠᠨ ᠪᠠᠶᠢᠳᠠᠭ ︾ ᠭᠡᠵᠡᠢ ᠃ | 10 ᠵᠢᠯ ᠤᠨ ᠡᠮᠦᠨ᠎ᠡ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︵ APEC ︶ | ᠶᠢᠨ ᠬᠤᠷᠢᠨ ᠬᠤᠶᠠᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠪᠡᠭᠡᠵᠢᠩ ᠳᠤ ᠬᠤᠷᠠᠯᠳᠤᠵᠤ ᠂ ᠦᠵᠡᠰᠬᠦᠯᠡᠩᠲᠦ | ᠰᠠᠶᠢᠬᠠᠨ ᠬᠥᠬᠡ ᠣᠭᠲᠠᠷᠭᠤᠢ ᠨᠢ ᠬᠥᠮᠥᠰ ᠤᠨ ᠰᠡᠳᠬᠢᠯ ᠢ ᠪᠠᠶᠠᠰᠬᠠᠪᠠ ᠃ | ︽ ᠲᠡᠷᠡ ᠬᠡᠳᠦᠨ ᠡᠳᠦᠷ ᠤᠨ ᠠᠭᠤᠷ ᠠᠮᠢᠰᠬᠤᠯ ᠮᠠᠰᠢ ᠰᠠᠶᠢᠨ ᠂ ᠲᠤᠬᠠᠢ ᠶᠢᠨ ᠦᠶ᠎ᠡ ᠳᠤ ᠵᠠᠷᠢᠮ ᠬᠥᠮᠥᠨ ᠡᠨᠡ ᠪᠣᠯ ︿ APEC ᠤᠨ ᠬᠥᠬᠡ ﹀ ᠶᠤᠮ ᠂ | ᠤᠳᠠᠭᠠᠨ ᠦᠷᠭᠦᠯᠵᠢᠯᠡᠵᠦ ᠲᠠᠶᠢᠯᠤᠨ᠎ᠠ ᠦᠦ ︖ ᠭᠡᠵᠦ ᠠᠰᠠᠭᠤᠵᠤ ᠪᠠᠶᠢᠪᠠ ᠃ ᠪᠢ ᠲᠡᠳᠡᠨ ᠳᠤ ᠂ ᠡᠨᠡ ᠨᠢ ᠲᠦᠷ ᠴᠠᠭ ᠤᠨ ᠬᠥᠬᠡ ᠣᠭᠲᠠᠷᠭᠤᠢ ᠪᠢᠰᠢ ᠂ ᠬᠡᠳᠦᠨ | ᠵᠢᠯ ᠤᠨ ᠳᠠᠷᠠᠭ᠎ᠠ ᠡᠭᠦᠷᠢᠳᠡ ᠶᠢᠨ ᠬᠥᠬᠡ ᠪᠣᠯᠣᠨ᠎ᠠ ᠭᠡᠵᠦ ᠬᠠᠷᠢᠭᠤᠯᠪᠠ ︾ ᠂ ᠲᠤᠬᠠᠢ ᠶᠢᠨ ᠵᠢᠯ ᠤᠨ ᠡᠨᠡ ᠬᠦ ᠵᠢᠵᠢᠭ ᠶᠠᠪᠤᠳᠠᠯ ᠢ ᠶᠠᠷᠢᠬᠤ ᠳᠤ ᠶᠡᠷᠦᠩᠬᠡᠢ ᠱᠦᠵᠢ | ᠰᠢ ᠶᠢᠨ ᠫᠢᠩ ᠤᠨ ᠦᠭᠡ ᠶᠠᠷᠢᠶ᠎ᠠ ᠮᠠᠰᠢ ᠰᠢᠭᠤᠷᠬᠠᠢ ᠪᠠᠶᠢᠪᠠ ᠃ | ᠴᠠᠭ ᠮᠥᠴᠡ ᠨᠢᠰᠬᠦ ᠮᠡᠲᠦ ᠲᠦᠷᠭᠡᠨ ᠥᠩᠭᠡᠷᠡᠵᠦ ᠂ ︽ APEC ᠤᠨ ᠬᠥᠬᠡ ︾ ᠨᠢ ᠠᠭᠠᠵᠢᠮ ᠢᠶᠠᠷ ᠠᠷᠠᠳ ᠤᠨ ᠠᠮᠢᠳᠤᠷᠠᠯ ᠤᠨ ᠬᠡᠪ ᠤᠨ ᠪᠠᠶᠢᠳᠠᠯ ᠪᠣᠯᠵᠤ | ᠪᠠᠶᠢᠨ᠎ᠠ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ | ᠴᠢᠨᠠᠷᠲᠠᠢ ᠂ ᠡᠷᠭᠢᠯᠲᠡ ᠶᠢᠨ ᠴᠢᠨᠠᠷᠲᠠᠢ ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠲᠡᠭᠷᠢ ᠨᠢ | ᠨᠡᠩ ᠬᠥᠬᠡ ᠂ ᠠᠭᠤᠯᠠ ᠨᠢ ᠨᠡᠩ ᠬᠥᠬᠡᠮᠳᠦᠭ ᠂ ᠤᠰᠤ ᠨᠢ ᠨᠡᠩ ᠲᠤᠩᠭᠠᠯᠠᠭ ᠦᠵᠡᠰᠬᠦᠯᠡᠩᠲᠦ ᠰᠠᠶᠢᠬᠠᠨ ᠵᠢᠷᠤᠭ ᠲᠤ ᠪᠢᠴᠢᠭᠯᠡᠭᠳᠡᠨᠡ ᠃ | ᠭᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠠᠴᠠ ᠪᠠᠨ ᠡᠷᠬᠢᠮ ᠨᠠᠨᠳᠢᠨ ᠲᠤᠷᠰᠢᠯᠭ᠎ᠠ ᠭᠦᠷᠲᠡᠯ᠎ᠡ ᠶᠠᠷᠢᠬᠤ ᠳᠠᠭᠠᠨ ᠂ ᠶᠡᠷᠦᠩᠬᠡᠢ ᠱᠦᠵᠢ ᠰᠢ ᠶᠢᠨ ᠫᠢᠩ | ᠄ ︽ ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠣᠬᠢᠮᠤᠢ ᠂ ᠵᠥᠪᠭᠡᠨ ᠲᠡᠨᠳᠡ ᠰᠢᠭᠦᠮᠵᠢᠯᠡᠭᠡᠳ ᠵᠢᠭᠠᠵᠤ ᠳᠣᠬᠢᠭᠠᠳ ᠯᠠ ᠪᠠᠶᠢᠵᠤ | ᠪᠤᠯᠬᠤ ᠦᠭᠡᠢ ᠂ ᠬᠠᠷᠢᠨ ᠦᠨᠡᠨ ᠬᠦ ᠠᠵᠢᠯᠯᠠᠭ᠎ᠠ ᠠᠪᠴᠤ ᠂ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠬᠡᠷᠡᠭᠲᠡᠢ ︾ ᠃ ︽ ᠪᠢᠳᠡ ᠤᠷᠤᠭᠰᠢ ᠪᠠᠨ ᠶᠠᠪᠤᠵᠤ | ᠪᠠᠶᠢᠬᠤ ᠪᠠᠨ ᠣᠯᠵᠤ ᠬᠠᠷᠠᠳᠠᠭ ᠯᠠ ᠶᠤᠮ ᠪᠣᠯ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ ︾ ᠭᠡᠵᠦ ᠴᠢᠬᠤᠯᠠᠴᠢᠯᠠᠪᠠ ᠃ | ᠬᠤᠸᠠᠩ ᠮᠢᠶᠠᠨ ᠰᠦᠩ ᠭᠡᠰᠢᠭᠦᠨ ᠤ ᠪᠠᠶᠢᠭ᠎ᠠ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠪᠣᠯ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠮᠡᠵᠦ ᠪᠠᠶᠢᠭᠤᠯᠤᠭᠰᠠᠨ ᠰᠢᠨ᠎ᠡ ᠡᠲᠡᠭᠡᠳ ᠢᠯᠭᠠᠯ ᠪᠣᠯᠣᠨ᠎ᠠ ᠃ | | ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠡᠨᠡ ᠬᠦ ᠡᠲᠡᠭᠡᠳ ᠢᠯᠭᠠᠯ ᠳᠤ ᠢᠷᠡᠵᠥ ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠄ | ︽ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠲᠠᠯ᠎ᠠ ᠪᠠᠷ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠨ᠎ᠠ ︾ ᠭᠡᠵᠦ ᠶᠡᠭᠡ ᠬᠦᠰᠡᠯ ᠨᠠᠶᠢᠳᠠᠯᠭ᠎ᠠ ᠲᠠᠯᠪᠢᠪᠠ ᠃ | ︽ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ︾ ᠂ ᠶᠡᠷᠦᠩᠬᠡᠢ ᠱᠦᠵᠢ ᠰᠢ ᠶᠢᠨ ᠫᠢᠩ ᠤᠨ | ᠬᠤᠪᠢᠰᠤᠩᠭᠤᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠠᠨ ᠠᠴᠠ ᠬᠡᠲᠦ᠋ᠢᠳᠦᠭᠰᠡᠨ ᠤᠶᠤᠨ ᠤᠬᠠᠭᠠᠨ ᠢ ᠢᠯᠡᠷᠡᠭᠦᠯᠵᠡᠢ ᠃ | ᠰᠢᠨ᠎ᠡ ᠠᠶᠠᠨ ᠳᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠴᠢᠨᠠᠷ | ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ ᠃ | ᠠᠳᠠᠯᠢᠬᠠᠨ ᠢᠶᠠᠷ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠨ ᠬᠤ᠋ ᠰᠥᠩ ᠴᠢᠨ ᠄ ︽ ᠮᠠᠨ ᠤ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠣᠲᠣ ᠶᠠᠭ ︿ ᠪᠣᠬᠢᠷ ᠮᠠᠨᠠᠨ ﹀ ᠂ ︿ ᠦᠮᠡᠬᠡᠢ ᠦᠨᠦᠷ ﹀ ᠵᠡᠷᠭᠡ ᠰᠡᠷᠡᠯ ᠤᠨ ᠡᠷᠬᠡᠲᠡᠨ ᠤ ᠭᠦᠢᠴᠡᠳᠬᠡᠯ ᠲᠤᠭ᠎ᠠ ᠶᠢᠨ | ᠵᠠᠰᠠᠯᠲᠠ ᠠᠴᠠ ᠪᠠᠨ ᠣᠷᠳᠣ ᠬᠤᠭᠤᠴᠠᠭᠠᠨ ᠤ ᠴᠢᠨᠠᠷᠲᠠᠢ ᠂ ᠳᠠᠯᠳᠠ ᠴᠢᠨᠠᠷᠲᠠᠢ ᠬᠤᠣᠷ ᠬᠥᠨᠥᠭᠡᠯ ᠲᠠᠢ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠱᠠᠲᠤ ᠲᠡᠶᠢᠰᠢ | ᠬᠥᠭᠵᠢᠵᠦ ᠪᠠᠶᠢᠨ᠎ᠠ ︾ ᠭᠡᠵᠡᠢ ᠃ | ︽ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠲᠤᠬᠠᠢ ᠳᠤᠷᠠᠳᠤᠭᠰᠠᠨ ᠨᠢ ᠮᠠᠰᠢ ᠴᠠᠭ ᠲᠠᠭᠠᠨ ᠲᠣᠬᠢᠷᠠᠵᠤ ᠪᠠᠶᠢᠨ᠎ᠠ ᠂ ᠥᠭᠡᠷ᠎ᠡ ᠪᠠᠷ ᠬᠡᠯᠡᠪᠡᠯ ᠵᠠᠰᠠᠯᠲᠠ ᠶᠢᠨ | ᠤᠬᠠᠮᠰᠠᠷ ᠲᠠᠢ ᠪᠠᠶᠢᠬᠤ ᠬᠡᠷᠡᠭᠲᠡᠢ ᠭᠡᠰᠡᠨ ᠨᠢ ᠪᠢᠳᠠᠨ ᠢ ᠡᠨᠡ ᠲᠠᠯ᠎ᠠ ᠪᠠᠷ ᠬᠤᠴᠣᠷᠬᠤ ᠦᠭᠡᠢ ᠪᠣᠯᠭᠠᠪᠠ ︾ ᠃ ᠶᠡᠷᠦᠩᠬᠡᠢ ᠱᠦᠵᠢ ᠬᠤᠪᠢᠰᠤᠩᠭᠤᠢ ᠪᠠᠷ ᠬᠠᠨᠳᠤᠵᠤ ᠂ | ᠰᠢᠨ᠎ᠡ ᠬᠠᠭᠤᠴᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ ᠂ ︽ ᠰᠢᠨ᠎ᠡ ᠠᠰᠠᠭᠤᠳᠠᠯ ᠲᠠᠢ | ᠪᠣᠯᠪᠠᠯ ᠡᠮᠦᠨᠡᠬᠢ ᠬᠠᠭᠤᠴᠢᠨ ᠠᠰᠠᠭᠤᠳᠠᠯ ᠢ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠠᠮᠠᠷᠠᠵᠤ ᠪᠣᠯᠣᠨ᠎ᠠ ᠭᠡᠵᠦ ᠬᠡᠯᠡᠵᠦ ᠪᠤᠯᠬᠤ ᠦᠭᠡᠢ ᠂ ᠵᠡᠷᠭᠡ ᠪᠠᠷ ᠠᠳᠬᠤᠬᠤ | ᠬᠡᠷᠡᠭᠲᠡᠢ ᠂ ᠬᠥᠮᠥᠨ ᠬᠤᠯᠠ ᠶᠢᠨ ᠪᠣᠳᠣᠯᠭ᠎ᠠ ᠦᠭᠡᠢ ᠪᠣᠯ ᠣᠶᠢᠷ᠎ᠠ ᠶᠢᠨ ᠵᠣᠪᠠᠯᠠᠩ ᠲᠠᠢ ᠪᠣᠯᠣᠨ᠎ᠠ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ | ᠵᠠᠮ ᠬᠤᠯᠠ ᠪᠠᠶᠢᠨ᠎ᠠ ᠂ ᠪᠠᠰᠠ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ︾ ᠭᠡᠪᠡ ᠃ | ︽ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ ︾ ᠠᠴᠠ ︽ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ | ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ︾ ᠭᠦᠷᠲᠡᠯ᠎ᠡ ᠂ ︽ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ | ᠪᠠᠬᠢᠵᠢᠭᠦᠯᠬᠦ ︾ ᠠᠴᠠ ︽ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠬᠦ ︾ ᠭᠦᠷᠲᠡᠯ᠎ᠡ ᠂ ︽ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠪᠣᠯᠣᠨ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ ︾ | ᠠᠴᠠ ︽ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠭᠦ ︾ ᠭᠦᠷᠲᠡᠯ᠎ᠡ ᠁ | ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ ᠂ ᠠᠪᠬᠤ ᠭᠡᠭᠡᠭᠦ ᠪᠤᠯᠬᠤ ᠡᠰᠡᠬᠦ ᠶᠢ ᠲᠣᠭᠲᠠᠭᠠᠬᠤ ᠲᠠᠰᠢᠷᠠᠮ ᠳᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠬᠦᠴᠦᠷᠬᠡᠭ | ᠶᠡᠭᠡ ᠲᠣᠭᠲᠠᠯ ᠬᠦᠴᠦᠨ ᠪᠣᠯᠣᠨ ᠬᠤᠯᠠ ᠶᠢᠨ ᠬᠠᠷᠠᠴᠠ ᠬᠤᠷᠴᠠ ᠲᠠᠨᠢᠯᠲᠠ ᠶᠢ ᠰᠢᠯᠭᠠᠵᠠᠢ ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠂ ᠵᠠᠩ ᠵᠢᠶᠠ ᠭᠠᠩ ᠬᠤᠳᠠ ᠶᠢᠨ ᠨᠠᠨ ᠹᠧᠩ ᠪᠠᠯᠭᠠᠰᠤ ᠶᠢᠨ ᠶᠦᠩ ᠯᠢᠶᠠᠨ ᠲᠣᠰᠬᠤᠨ ᠤ ᠨᠠᠮ ᠤᠨ | ᠬᠤᠷᠢᠶ᠎ᠠ ᠶᠢᠨ ᠱᠦᠵᠢ ᠦ᠋ ᠬᠤᠢ ᠹᠠᠩ ᠲᠥᠯᠥᠭᠡᠯᠡᠭᠴᠢ ᠬᠥᠳᠡᠭᠡ ᠲᠣᠰᠬᠤᠨ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ ᠃ | ᠴᠡᠷᠢᠭ ᠲᠤ 25 ᠵᠢᠯ ᠶᠠᠪᠤᠭᠰᠠᠨ ᠡᠨᠡ ᠬᠦ ᠠᠬᠠᠮᠠᠳ ᠴᠡᠷᠢᠭ 2005 ᠣᠨ ᠳᠤ ᠴᠡᠷᠢᠭ ᠤᠨ ᠬᠤᠪᠴᠠᠰᠤ ᠪᠠᠨ ᠲᠠᠶᠢᠯᠵᠤ ᠂ ᠪᠡᠶ᠎ᠡ ᠪᠠᠨ ᠳᠠᠭᠠᠭᠠᠵᠤ ᠠᠵᠢᠯ | ᠰᠣᠩᠭᠤᠬᠤ ᠪᠠᠷ ᠳᠠᠮᠵᠢᠨ ᠶᠦᠩ ᠯᠢᠶᠠᠨ ᠲᠣᠰᠬᠤᠨ ᠳᠤ ᠬᠦᠷᠴᠦ ᠠᠵᠢᠯᠯᠠᠪᠠ ᠃ ᠡᠭᠦᠨ ᠠᠴᠠ ᠡᠬᠢᠯᠡᠨ ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ | ᠪᠠᠶᠢᠭᠤᠯᠬᠤ ᠨᠢ ᠲᠡᠭᠦᠨ ᠤ ᠰᠢᠨ᠎ᠡ ︽ ᠵᠢᠭᠰᠠᠭᠠᠯ ᠤᠨ ᠭᠠᠵᠠᠷ ︾ ᠪᠣᠯᠵᠠᠢ ᠃ | ᠲᠡᠷᠡ ᠨᠢᠭᠡᠨᠲᠡ 19 ᠵᠢᠯ ᠠᠵᠢᠯᠯᠠᠯ᠎ᠠ ᠃ | ︽ ᠨᠢᠳᠤᠨᠤᠨ ᠂ ᠶᠦᠩ ᠯᠢᠶᠠᠨ ᠲᠣᠰᠬᠤᠨ ᠤ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠶᠡᠷᠦᠩᠬᠡᠢ ᠣᠷᠣᠯᠭ᠎ᠠ 1616 ᠳ᠋ᠦᠩᠰᠢᠭᠤᠷ ᠲᠥᠭᠦᠷᠢᠭ ᠂ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3.35 ᠳ᠋ᠦᠩᠰᠢᠭᠤᠷ ᠲᠥᠭᠦᠷᠢᠭ ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠴᠡᠪᠡᠷ | ᠣᠷᠣᠯᠭ᠎ᠠ 7.3 ᠲᠦᠮᠡᠨ ᠲᠥᠭᠦᠷᠢᠭ ᠲᠤ ᠬᠦᠷᠴᠡᠢ ᠃ ᠲᠣᠰᠬᠤᠨ ᠤ ᠠᠵᠤ ᠠᠬᠤᠶᠢᠯᠠᠯ ᠬᠥᠭᠵᠢᠭᠰᠡᠨ ᠤ ᠳᠠᠷᠠᠭ᠎ᠠ ᠂ ᠪᠢᠳᠡ ᠥᠮᠴᠢᠯᠡᠯ ᠤᠨ ᠡᠷᠬᠡ ᠶᠢ | ᠲᠣᠳᠣᠷᠬᠠᠶᠢᠯᠠᠬᠤ ᠪᠠᠷ ᠳᠡᠮᠵᠢᠨ ᠂ ᠲᠣᠰᠬᠤᠨ ᠤ ᠠᠷᠠᠳ ᠢ 25% ᠶᠢᠨ ᠰᠲ᠋ᠣᠺ ᠤᠨ ᠡᠷᠬᠡ ᠲᠠᠢ ᠪᠤᠯᠭᠠᠵᠤ ᠂ ᠨᠢᠳᠤᠨᠤᠨ ᠬᠤᠶᠠᠳᠠᠭᠢ ᠤᠳᠠᠭ᠎ᠠ ᠲᠣᠰᠬᠤᠨ ᠤ | ᠠᠷᠠᠳ ᠤᠨ ᠬᠥᠮᠥᠨ ᠳᠤᠮᠳᠠᠴᠢ ᠳᠤ 1.7 ᠲᠦᠮᠡᠨ ᠲᠥᠭᠦᠷᠢᠭ ᠢ ᠬᠤᠪᠢᠶᠠᠪᠠ ︾ ᠭᠡᠵᠦ ᠶᠡᠷᠦᠩᠬᠡᠢ ᠱᠦᠵᠢ ᠳᠤ ᠨᠢᠭᠡᠳ ᠨᠢᠭᠡ ᠪᠠᠷ ᠮᠡᠳᠡᠭᠦᠯᠪᠡ ᠃ | ︽ ᠡᠨᠡ ᠣᠷᠣᠯᠭ᠎ᠠ ᠶᠢᠨ ᠪᠠᠶᠢᠳᠠᠯ ᠪᠠᠰᠠ ᠲᠤᠩ ᠰᠦᠷᠡᠬᠡᠢ ᠪᠠᠶᠢᠨ᠎ᠠ ︾ ᠃ ᠶᠡᠷᠦᠩᠬᠡᠢ ᠱᠦᠵᠢ ᠰᠢ ᠶᠢᠨ ᠫᠢᠩ ᠂ ︽ ᠬᠠᠮᠲᠤ ᠪᠠᠷ ᠪᠠᠶᠠᠵᠢᠬᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠤ ᠲᠠ ᠨᠠᠷ ᠪᠣᠯ ᠬᠤᠰᠢᠭᠤᠴᠢ ᠮᠥᠨ ᠂ ᠡᠨᠡ ᠵᠠᠮ ᠢ ᠨᠡᠭᠡᠭᠡᠬᠦ ᠬᠡᠷᠡᠭᠲᠡᠢ ᠃ ᠬᠠᠮᠲᠤ ᠪᠠᠷ | ᠪᠠᠶᠠᠵᠢᠬᠤ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ ︾ ᠭᠡᠵᠦ ᠪᠠᠶᠠᠷᠲᠠᠶᠢᠬᠠᠨ | ᠬᠡᠯᠡᠪᠡ ᠃ | ᠤᠯᠤᠰ ᠢ ᠵᠠᠰᠠᠬᠤ ᠡᠭᠦᠷᠢᠳᠡ ᠶᠢᠨ ᠶᠣᠰᠣ ᠠᠨᠤ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠮᠤᠢ ᠃ | ᠲᠤᠬᠠᠢ ᠶᠢᠨ ᠲᠠᠯᠠᠪᠠᠢ ᠳᠤ ᠪᠠᠶᠢᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠮᠦᠨ᠎ᠡ ᠂ ᠶᠡᠷᠦᠩᠬᠡᠢ | ᠱᠦᠵᠢ ᠰᠢ ᠶᠢᠨ ᠫᠢᠩ ᠄ ︽ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠭᠦᠯᠵᠦ ᠂ ᠥᠷᠭᠡᠨ ᠤᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠢᠷᠭᠠᠯᠲᠤ | ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ︾ ᠭᠡᠵᠦ ᠴᠢᠬᠤᠯᠠᠴᠢᠯᠠᠪᠠ ᠃ | ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢᠶᠠᠨ ᠬᠥᠭᠵᠢᠭᠡᠵᠦ – ︽ ᠣᠨᠢᠯᠠᠨ ᠲᠣᠭᠲᠠᠪᠠᠯ ᠱᠠᠯᠠᠪᠳᠠᠨ ᠬᠢᠵᠦ ᠂ ᠡᠯ᠎ᠡ ᠲᠠᠯ᠎ᠠ ᠶᠢᠨ ᠬᠢᠨ ᠤ ᠡᠷᠴᠢ | ᠵᠣᠷᠢᠭ ᠢ ᠳᠠᠶᠢᠴᠢᠯᠠᠬᠤ ᠬᠡᠷᠡᠭᠲᠡᠢ ︾ | ᠵᠢᠶᠠᠩᠰᠤ ᠠᠴᠠ ᠢᠷᠡᠭᠰᠡᠨ ᠰᠦᠨ ᠵᠢᠩ ᠨᠠᠨ ᠲᠥᠯᠥᠭᠡᠯᠡᠭᠴᠢ ᠪᠣᠯ ᠵᠦᠩ ᠴᠧ ᠪᠦᠯᠦᠭᠯᠡᠯ ᠤᠨ ᠨᠠᠨᠵᠢᠩ ᠤᠨ ᠫᠦ᠋ ᠵᠧᠨ ᠮᠠᠰᠢᠨ ᠲᠡᠷᠭᠡᠨ ᠤ ᠬᠢᠵᠠᠭᠠᠷᠲᠤ | ᠺᠤᠮᠫᠠᠨᠢ ᠶᠢᠨ ᠴᠠᠭᠢᠯᠭᠠᠨ ᠭᠠᠩᠨᠠᠭᠤᠷᠴᠢᠨ ᠪᠣᠯᠣᠨ᠎ᠠ ᠃ | ᠶᠡᠷᠦᠩᠬᠡᠢ ᠱᠦᠵᠢ ᠰᠢ ᠶᠢᠨ ᠫᠢᠩ ᠤᠨ ᠡᠮᠦᠨ᠎ᠡ ᠂ ᠲᠡᠷᠡ ᠄ ︽ ᠤᠷᠠᠨ ᠳᠠᠷᠬᠠᠨ ᠤ ︿ ᠲᠠᠷᠬᠠᠨ ﹀ ᠭᠡᠳᠡᠭ ᠦᠭᠡ ᠪᠣᠯ ᠲᠤᠰᠬᠠᠢ ᠮᠡᠷᠭᠡᠵᠢᠯ ᠤᠨ ᠬᠦᠷᠢᠶᠡᠨ ᠳᠤ | ᠥᠪᠡᠷ ᠤᠨ ᠪᠡᠶ᠎ᠡ ᠠᠴᠠ ᠪᠠᠨ ︿ ᠦ ᠰᠡᠪ ᠡᠷᠢᠬᠦ ﹀ ᠶᠠᠪᠤᠳᠠᠯ ᠪᠣᠯᠣᠨ᠎ᠠ ᠂ ᠤᠯᠠᠨ ᠤᠳᠠᠭᠠᠨ ᠤ ᠳᠠᠪᠲᠠᠯᠲᠠ ᠶᠢ ᠥᠩᠭᠡᠷᠡᠭᠦᠯᠪᠡᠯ ᠰᠠᠶ᠋ᠢ ᠰᠢᠪᠲᠤᠯᠤᠯᠲᠠ ᠭᠠᠷᠭᠠᠵᠤ | ᠴᠢᠳᠠᠨ᠎ᠠ ︾ ᠭᠡᠵᠦ ᠪᠣᠷᠣᠭᠵᠢᠭᠤᠨ ᠪᠥᠭᠡᠳ ᠢᠳᠡ ᠬᠦᠴᠦᠲᠡᠢ ᠬᠡᠯᠡᠪᠡ ᠃ | ᠰᠣᠩᠭᠤᠭᠰᠠᠨ ᠠᠵᠢᠯ ᠦᠢᠯᠡᠰ ᠲᠡᠭᠡᠨ ᠨᠠᠰᠤᠨ ᠲᠤᠷᠰᠢᠲᠠ ᠵᠢᠳᠬᠦᠨ᠎ᠡ ᠃ | 30 ᠭᠠᠷᠤᠢ ᠵᠢᠯ ᠠᠵᠢᠯᠯᠠᠭᠰᠠᠨ ᠰᠦᠨ ᠵᠢᠩ ᠨᠠᠨ ᠭᠠᠩᠨᠠᠬᠤ ᠠᠵᠢᠯ ᠢ ᠨᠢᠭᠡ ᠵᠦᠢᠯ ᠤᠨ ᠤᠷᠠᠯᠢᠭ ᠢᠶᠠᠷ ᠦᠵᠡᠵᠦ ᠂ ᠱᠠᠪᠢ ᠠᠵᠢᠯᠴᠢᠨ ᠪᠠᠶᠢᠭᠰᠠᠨ ᠠᠴᠠ ᠪᠠᠨ | ᠳᠤᠮᠳᠠᠳᠤ ᠤᠯᠤᠰ ᠤᠨ ᠵᠦᠩ ᠴᠧ ᠺᠤᠮᠫᠠᠨᠢ ᠶᠢᠨ ᠠᠯᠳᠠᠷᠲᠤ ᠤᠷ᠎ᠠ ᠮᠡᠷᠭᠡᠵᠢᠯ ᠤᠨ ᠲᠤᠰᠬᠠᠢ ᠮᠡᠷᠭᠡᠵᠢᠯᠲᠡᠨ ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ | ᠨᠢᠳᠦᠨ ᠳᠤ ᠠᠯᠳᠠᠷᠰᠢᠭᠰᠠᠨ ︽ ᠳᠣᠷᠣᠨᠠᠳᠠᠬᠢᠨ ᠤ ᠭᠠᠩᠨᠠᠭᠤᠷᠴᠢᠨ ᠳᠠᠭᠢᠨᠢ ︾ ᠪᠣᠯᠪᠠ ᠃ | ︽ ᠲᠠ ᠪᠣᠯ ᠲᠣᠮᠣ ᠤᠯᠤᠰ ᠤᠨ ᠤᠷᠠᠨ ᠳᠠᠷᠬᠠᠨ ᠮᠥᠨ ︾ ᠃ ᠶᠡᠷᠦᠩᠬᠡᠢ ᠱᠦᠵᠢ ᠮᠠᠭᠲᠠᠨ ᠰᠠᠶᠢᠰᠢᠶᠠᠭᠰᠠᠨ ᠬᠠᠷᠠᠴᠠ ᠪᠠᠷ ᠰᠦᠨ ᠵᠢᠩ ᠨᠠᠨ ᠢ ᠬᠠᠷᠠᠵᠤ ᠄ ︽ | ᠲᠣᠮᠣ ᠤᠯᠤᠰ ᠤᠨ ᠤᠷᠠᠨ ᠳᠠᠷᠬᠠᠨ ᠪᠣᠯ ᠮᠠᠨ ᠤ ᠳᠤᠮᠳᠠᠳᠤ ᠶᠢᠨ ᠦᠨᠳᠦᠰᠦᠲᠡᠨ ᠭᠡᠬᠦ ᠲᠣᠮᠣ ᠠᠰᠠᠷ ᠤᠨ ᠰᠠᠭᠤᠷᠢ ᠴᠢᠯᠠᠭᠤ ᠂ ᠲᠤᠯᠭᠠᠭᠤᠷᠢ ᠮᠥᠨ ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠲᠡᠷᠠᠭ᠎ᠠ ᠂ ᠪᠢᠳᠠ ᠨᠢᠭᠡ ᠳᠤ ᠶᠠᠳᠠᠭᠤ ᠬᠤᠶᠠᠷ ᠲᠤ ᠬᠤᠭᠤᠰᠤᠨ ᠪᠠᠶᠢᠵᠤ ᠂ ᠦᠭᠡᠢ ᠠᠴᠠ ᠪᠠᠨ ᠪᠠᠶᠢᠬᠤ ᠪᠣᠯᠵᠤ ᠂ | ᠣᠷᠣᠭᠤᠯᠤᠨ ᠠᠪᠴᠢᠷᠠᠵᠤ ᠰᠢᠩᠭᠡᠬᠡᠨ ᠠᠪᠤᠭᠠᠳ ᠲᠡᠭᠢᠠ ᠬᠥᠭᠵᠢᠭᠦᠯᠵᠦ ᠂ ᠥᠪᠡᠷ ᠤᠨ ᠬᠦᠴᠦ ᠪᠠᠷ ᠢᠶᠠᠨ ᠳᠡᠭᠵᠢᠷᠡᠨ ᠲᠡᠰᠪᠦᠷᠢ ᠬᠠᠲᠠᠭᠤᠵᠢᠯᠲᠠᠢ ᠲᠡᠮᠡᠴᠡᠵᠦ ᠂ | ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠦᠢᠯᠡᠳᠬᠦ ᠦᠢᠯᠡᠰ ᠤᠨ ᠰᠠᠭᠤᠷᠢ ᠲᠠᠢ ᠪᠣᠯᠤᠭᠰᠠᠨ ᠪᠠᠶᠢᠨ᠎ᠠ ︾ ᠭᠡᠪᠡ ᠃ | ᠶᠡᠷᠦᠩᠬᠡᠢ ᠱᠦᠵᠢ ᠄ ︽ ᠢᠩᠭᠢᠵᠦ ᠪᠤᠳᠤᠬᠤ ᠪᠠᠷ ᠦᠨᠡᠬᠡᠷ ᠬᠢᠵᠠᠭᠠᠯᠠᠰᠢ ᠦᠭᠡᠢ ᠣᠮᠣᠭᠰᠢᠬᠤ ᠶᠤᠮ ᠃ ᠵᠠᠮ ᠬᠠᠷᠢᠯᠴᠠᠭ᠎ᠠ ᠪᠠᠷ ᠠᠪᠴᠤ ᠬᠡᠯᠡᠪᠡᠯ ᠂ ᠣᠲᠣ | ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠨᠢ ᠪᠦᠭᠦ ᠪᠥᠮᠪᠥᠷᠴᠡᠭ ᠲᠤ ᠬᠠᠮᠤᠭ ᠤᠨ ᠶᠡᠭᠡ ᠂ ᠰᠢᠨ᠎ᠡ ᠡᠨᠧᠷᠭᠢ ᠶᠢᠨ | ᠮᠠᠰᠢᠨ ᠲᠡᠷᠭᠡ ᠬᠠᠮᠤᠭ ᠤᠨ ᠰᠠᠶᠢᠨ ᠂ ᠲᠦᠷᠭᠡᠨ ᠤ ᠵᠠᠰᠠᠮᠠᠯ ᠵᠠᠮ ᠤᠨ ᠵᠠᠢ ᠨᠢ ᠴᠦ ᠬᠠᠮᠤᠭ ᠤᠨ ᠣᠷᠳᠣ ᠂ ᠲᠦᠷᠭᠡᠨ ᠤ ᠲᠡᠮᠦᠷ ᠵᠠᠮ ᠭᠠᠳᠠᠭᠰᠢ ᠭᠠᠷᠴᠤ ᠂ | ᠬᠤᠲᠠ ᠶᠢᠨ ᠲᠣᠭᠤᠷᠢᠯ ᠵᠠᠮ ᠤᠨ ᠨᠡᠪᠲᠡᠷᠡᠯᠴᠡᠭᠡ ᠭᠠᠳᠠᠭᠰᠢ ᠭᠠᠷᠴᠤ ᠂ ᠬᠥᠯᠭᠡ ᠣᠩᠭᠤᠴᠠ ᠪᠠᠰᠠ ᠭᠠᠳᠠᠭᠰᠢ ᠭᠠᠷᠴᠤ ᠂ ᠲᠣᠮᠣ ᠨᠢᠰᠬᠡᠯ ᠢ ᠴᠦ ᠦᠢᠯᠡᠳᠦᠨ | ᠭᠠᠷᠭᠠᠵᠤ ᠂ ᠣᠩᠭᠤᠴᠠ ᠦᠢᠯᠡᠳᠬᠦ ᠦᠢᠯᠡᠰ ᠤᠨ ︿ ᠭᠤᠷᠪᠠᠨ ᠶᠡᠭᠡ ᠬᠡᠷᠡᠯᠳᠦ ᠰᠤᠪᠤᠳ ﹀ ᠢ ᠴᠤ ᠦᠢᠯᠡᠳᠦᠨ ᠭᠠᠷᠭᠠᠵᠠᠢ ᠁ ᠪᠦᠷ ᠠᠯᠬᠤᠮ ᠠᠯᠬᠤᠮ ᠢᠶᠠᠷ | ᠤᠷᠤᠭᠰᠢᠯᠠᠵᠤ ᠂ ᠲᠠᠰᠤᠷᠠᠯᠲᠠ ᠦᠭᠡᠢ ᠤᠯᠤᠰ ᠲᠠᠭᠠᠨ ᠦᠢᠯᠡᠳᠪᠦᠷᠢᠯᠡᠵᠦ ᠂ ᠳᠠᠷᠠᠭ᠎ᠠ ᠨᠢ ᠳᠡᠯᠡᠬᠡᠢ ᠶᠢᠨ ᠡᠮᠦᠨ᠎ᠡ ᠬᠤᠰᠢᠭᠤᠷᠠᠭᠰᠠᠨ ᠪᠥᠭᠡᠳ ᠲᠠᠰᠤᠷᠠᠯᠲᠠ ᠦᠭᠡᠢ | ᠰᠢᠪᠲᠤᠯᠤᠯᠲᠠ ᠬᠢᠵᠦ ᠪᠠᠶᠢᠨ᠎ᠠ ︾ ᠭᠡᠵᠦ ᠭᠦᠨ ᠰᠡᠳᠬᠢᠯᠭᠡ ᠲᠠᠢ ᠶᠠᠷᠢᠪᠠ ᠃ | ︽ ᠡᠭᠦᠨ ᠳᠤ ᠤᠷᠠᠨ ᠳᠠᠷᠬᠠᠨ ᠮᠠᠰᠢ ᠴᠢᠬᠤᠯᠠ ᠶᠤᠮ ᠃ ᠵᠢᠷᠤᠭ ᠲᠥᠯᠥᠪᠯᠡᠭᠡ ᠶᠢ ᠰᠠᠶᠢᠬᠠᠨ ᠵᠢᠷᠤᠵᠤ ᠲᠥᠯᠥᠪᠯᠡᠭᠡᠳ ᠯᠡ ᠪᠤᠯᠬᠤ ᠦᠭᠡᠢ ᠂ ᠬᠠᠮᠤᠭ ᠤᠨ | ᠰᠡᠭᠦᠯ ᠳᠤ ᠭᠠᠩᠨᠠᠭᠤᠷᠴᠢᠨ ᠤ ᠭᠠᠷ ᠲᠤ ᠨᠠᠶᠢᠳᠠᠪᠤᠷᠢᠵᠢᠭᠤᠯᠬᠤ ᠬᠡᠷᠡᠭᠲᠡᠢ ᠂ ᠳᠡᠯᠡᠬᠡᠢ ᠶᠢᠨ ᠲᠡᠷᠢᠭᠦᠨ ᠵᠡᠷᠭᠡ ᠶᠢᠨ ᠲᠦᠪᠰᠢᠨ ᠦᠭᠡᠢ ᠪᠣᠯ ᠬᠠᠮᠤᠭ ᠤᠨ ᠰᠠᠶᠢᠨ | ᠲᠣᠨᠤᠭ ᠲᠥᠬᠦᠭᠡᠷᠦᠮᠵᠢ ᠶᠢ ᠬᠢᠵᠦ ᠴᠢᠳᠠᠬᠤ ᠦᠭᠡᠢ ᠂ ᠡᠶᠢᠮᠦ ᠠᠴᠠ ᠪᠢᠳᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠨᠡᠨ ᠪᠣᠳᠠᠲᠠᠢ ᠰᠠᠶᠢᠲᠤᠷ ᠬᠢᠵᠦ ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠪᠤᠢ ᠪᠤᠯᠭᠠᠵᠤ ᠂ ᠨᠢᠭᠡᠳᠦᠭᠡᠷ ᠹᠷᠣᠨᠲ ᠤᠨ ᠲᠣᠮᠣ ᠤᠯᠤᠰ ᠤᠨ ᠤᠷᠠᠨ ᠲᠠᠷᠬᠠᠨ ᠢ ᠪᠦᠯᠦᠭ ᠪᠦᠯᠦᠭ ᠢᠶᠠᠷ ᠬᠥᠮᠥᠵᠢᠭᠦᠯᠬᠦ | ᠬᠡᠷᠡᠭᠲᠡᠢ ᠂ ᠡᠨᠡ ᠪᠣᠯ ᠨᠢᠷᠤᠭᠤ ᠲᠤᠯᠭᠠᠭᠤᠷᠢ ᠪᠣᠯᠣᠨ᠎ᠠ ᠂ ᠠᠯᠮᠠᠰ ᠴᠢᠯᠠᠭᠤ ᠦᠭᠡᠢ ᠪᠣᠯ ᠱᠠᠭᠠᠵᠠᠩ ᠤᠨ ᠠᠵᠢᠯ ᠢ ᠭᠠᠷᠳᠠᠵᠤ ᠳᠡᠶᠢᠯᠭᠦ ᠦᠭᠡᠢ ᠶᠤᠮ ︾ ᠭᠡᠬᠦ | ᠶᠡᠷᠦᠩᠬᠡᠢ ᠱᠦᠵᠢ ᠶᠢᠨ ᠦᠭᠡ ᠦᠨᠡᠨᠴᠢ ᠰᠡᠳᠬᠢᠯᠭᠡ ᠭᠦᠨ ᠶᠠᠷᠢᠶ᠎ᠠ ᠨᠢ ᠪᠦᠭᠦ ᠲᠠᠯᠠᠪᠠᠢ ᠶᠢᠨ ᠬᠠᠮᠲᠤ ᠤᠯᠠᠨ ᠤ ᠰᠡᠳᠬᠢᠯ ᠢ ᠴᠤᠤᠷᠢᠶᠠᠲᠤᠭᠤᠯᠪᠠ ᠃ | ᠤᠷᠠᠨ ᠳᠠᠷᠬᠠᠨ ᠢ ᠬᠦᠨᠳᠦᠳᠬᠡᠨ᠎ᠡ ᠂ ᠨᠡᠩ ᠴᠤ ᠲᠡᠳᠡᠨ ᠤ ︽ ᠤᠷᠠᠨ ᠰᠠᠨᠠᠭ᠎ᠠ ︾ ᠶᠢ ᠴᠢᠬᠤᠯᠠᠴᠢᠯᠠᠨ᠎ᠠ ᠃ | ᠶᠡᠷᠦᠩᠬᠡᠢ ᠱᠦᠵᠢ ᠰᠢ ᠶᠢᠨ ᠫᠢᠩ ᠄ ︽ ᠪᠢᠳᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠨᠢᠭᠡᠨᠲᠡ ᠨᠡᠯᠢᠶᠡᠳ ᠵᠦᠭᠡᠷ ᠬᠢᠭᠰᠡᠨ | ᠪᠤᠯᠪᠠᠴᠤ ᠪᠠᠰᠠ ᠭᠦᠢᠴᠡᠳ ᠪᠢᠰᠢ ᠪᠠᠶᠢᠨ᠎ᠠ ᠂ ᠲᠡᠳᠡᠨ ᠳᠤ ᠵᠣᠬᠢᠬᠤ ᠤᠯᠤᠰ ᠲᠥᠷᠥ ᠶᠢᠨ ᠪᠠᠶᠢᠷᠢ ᠰᠠᠭᠤᠷᠢ ᠂ ᠨᠡᠶᠢᠭᠡᠮ ᠤᠨ ᠪᠠᠶᠢᠷᠢ ᠰᠠᠭᠤᠷᠢ ᠪᠠ ᠴᠠᠯᠢᠩ ᠣᠯᠭᠤᠮᠵᠢ | ᠬᠠᠷᠠᠭᠠᠯᠵᠠᠯ ᠣᠯᠭᠤᠵᠤ ᠂ ᠵᠣᠬᠢᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ ︾ ᠭᠡᠵᠦ ᠵᠢᠭᠠᠵᠤ ᠭᠠᠷᠭᠠᠪᠠ ᠃ | 2022 ᠣᠨ ᠤ 7 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠠᠬᠠᠮᠠᠳ ᠲᠤᠰᠬᠠᠢ | ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ ᠶᠢᠨ ᠮᠦᠽᠧᠢ ᠶᠢᠨ ᠶᠡᠷᠦᠩᠬᠡᠢ ᠣᠷᠳᠣᠨ ᠤ ᠳᠡᠳ᠋ ᠳᠠᠷᠤᠭ᠎ᠠ ᠰᠦᠩ ᠶᠠᠨ ᠲᠥᠯᠥᠭᠡᠯᠡᠭᠴᠢ ᠳᠤ | ᠤᠳᠤ ᠪᠤᠯᠲᠠᠯ᠎ᠠ ᠮᠠᠰᠢ ᠶᠡᠭᠡ ᠵᠣᠷᠢᠭᠵᠢᠭᠤᠯᠤᠯ ᠪᠣᠯᠣᠭᠰᠠᠭᠠᠷ ᠶᠤᠮ ᠃ ᠶᠠᠷᠢᠶ᠎ᠠ ᠲᠠᠯᠪᠢᠬᠤ ᠳᠠᠭᠠᠨ ᠲᠡᠷᠡ ᠨᠠᠨᠵᠢᠩ ᠬᠤᠲᠠ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠮᠦᠽᠧᠢ ᠶᠢᠨ ᠠᠵᠢᠯᠲᠠᠳ ᠤᠨ ᠰᠣᠶᠣᠯ ᠤᠨ ᠥᠪ ᠢᠶᠠᠨ ᠰᠠᠬᠢᠨ ᠬᠠᠮᠠᠭᠠᠯᠠᠵᠤ ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ ᠂ | ᠰᠣᠶᠣᠯ ᠤᠨ ᠬᠦᠴᠦᠨ ᠢ ᠬᠥᠭᠵᠢᠭᠡᠭᠰᠡᠨ ᠦᠯᠢᠭᠡᠷ ᠢ ᠶᠠᠷᠢᠪᠠ ᠃ | ︽ ᠨᠠᠨᠵᠢᠩ ᠤᠨ ᠮᠦᠽᠧᠢ ᠳᠤ ᠪᠠᠰᠠ ᠦᠵᠡᠭᠦᠰᠢᠲᠡᠢ ᠵᠦᠢᠯ ᠲᠤᠩ ᠤᠯᠠᠨ ᠪᠤᠢ ᠂ ᠵᠢᠷᠭᠤᠭᠠᠨ ᠲᠦᠷᠦ ᠶᠢᠨ ᠡᠷᠲᠡᠨ ᠤ ᠨᠡᠶᠢᠰᠯᠡᠯ ᠂ ᠪᠠᠰᠠ ᠬᠤᠶᠢᠨᠠᠬᠢ ᠮᠢᠩ | ᠤᠯᠤᠰ ᠂ ᠴᠢᠩ ᠤᠯᠤᠰ ᠤᠨ ᠦᠶ᠎ᠡ ᠳᠤ ᠂ ᠶᠠᠭᠤᠮ᠎ᠠ ᠪᠠᠰᠠ ᠲᠤᠩ ᠠᠷᠪᠢᠨ ᠪᠠᠶᠢᠵᠠᠢ ᠃ ᠮᠦᠽᠧᠢ ᠮᠠᠰᠢ ᠴᠢᠬᠤᠯᠠ ᠶᠤᠮ ᠂ ᠪᠢ ᠪᠠᠭ᠎ᠠ ᠠᠴᠠ ᠪᠠᠨ ᠮᠦᠽᠧᠢ ᠳᠤ | ᠣᠴᠢᠬᠤ ᠳᠤᠷᠠᠲᠠᠢ ᠂ ᠪᠠᠭ᠎ᠠ ᠳᠠᠭᠠᠨ ᠪᠡᠭᠡᠵᠢᠩ ᠳᠠᠬᠢ ᠮᠦᠽᠧᠢ ᠪᠠᠷ ᠪᠠᠷᠤᠭ ᠪᠦᠷ ᠣᠴᠢᠵᠤ ᠥᠩᠭᠡᠷᠡᠭᠰᠡᠨ ︾ ᠭᠡᠵᠦ ᠶᠡᠷᠦᠩᠬᠡᠢ ᠱᠦᠵᠢ ᠰᠢ ᠶᠢᠨ ᠫᠢᠩ ᠰᠦᠩ | ᠶᠠᠨ ᠳᠤ ᠳᠣᠲᠣᠨᠣᠰᠤᠭ ᠢᠶᠠᠷ ᠬᠡᠯᠡᠪᠡ ᠃ | ᠰᠣᠶᠣᠯ ᠤᠨ ᠭᠤᠯᠣᠮᠲᠠ ᠥᠨᠢ ᠤᠳᠠᠭᠠᠨ ᠂ ᠨᠢᠭᠡ ᠦᠨᠳᠦᠰᠦᠲᠡᠨ ᠤ ᠣᠣᠷ ᠲᠤᠨᠳᠠᠰᠤ ᠶᠢ ᠬᠤᠷᠠᠮᠳᠤᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠂ | ᠥᠷᠭᠡᠨ ᠤᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠢ ᠮᠦᠽᠧᠢ ᠲᠠᠢ ᠢᠯᠡᠭᠦᠬᠡᠨ ᠣᠶᠢᠷᠠᠲᠤᠭᠤᠯᠵᠤ ᠂ ᠲᠡᠦᠬᠡ ᠶᠢᠨ ᠲᠥᠷᠥᠭᠳᠡᠯ ᠢᠶᠠᠨ ᠤᠯᠠᠮ | ᠨᠡᠮᠡᠭᠳᠡᠭᠦᠯᠬᠦ ᠶᠢ ᠬᠦᠰᠡᠪᠡ ᠃ ︽ ᠮᠦᠽᠧᠢ ᠶᠢᠨ ᠦᠢᠯᠡᠰ ᠢ ᠰᠠᠶᠢᠲᠤᠷ ᠬᠢᠬᠦ ᠬᠡᠷᠡᠭᠲᠡᠢ ᠃ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ ᠂ | ᠨᠡᠩ ᠰᠢᠰᠲ᠋ᠧᠮᠵᠢᠭᠦᠯᠬᠦ ᠶᠢᠨ ᠬᠠᠮᠲᠤ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ ︾ ᠭᠡᠵᠦ ᠭᠦᠨ ᠰᠡᠳᠬᠢᠯᠭᠡ ᠲᠠᠢ | ᠬᠡᠯᠡᠪᠡ ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ ᠂ | ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠦᠢᠯᠡᠰ ᠮᠥᠨ ᠃ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠰᠢᠶᠠ ᠰᠢᠶᠠᠨ ᠫᠧᠩ | ᠭᠡᠰᠢᠭᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠡᠬᠡ ᠬᠠᠭᠤᠷᠠᠢ ᠶᠢᠨ ᠯᠤᠲᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠷ ᠪᠠᠲᠤ | ᠲᠤᠯᠭᠠᠭᠤᠷᠢᠯᠠᠯ ᠪᠤᠯᠭᠠᠵᠤ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠤᠯᠭᠠᠵᠤ ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠳᠣᠣᠷ᠎ᠠ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠬᠠᠮᠲᠤᠷᠠᠯᠴᠠᠭ᠎ᠠ ᠲᠦᠷᠭᠡᠨ ᠬᠥᠭᠵᠢᠪᠡ ᠭᠡᠵᠦ ᠶᠡᠷᠦᠩᠬᠡᠢ ᠱᠦᠵᠢ ᠳᠤ ᠬᠡᠯᠡᠪᠡ ᠃ | ᠲᠢᠶᠠᠨ ᠬᠤᠩ ᠴᠢ ᠭᠡᠰᠢᠭᠦᠨ ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠭᠦ ᠣᠷᠣᠨ ᠢ ᠲᠦᠷᠭᠡᠳᠬᠡᠨ ᠪᠠᠶᠢᠭᠤᠯᠵᠤ ᠂ ᠬᠤᠶᠠᠷ | ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠬᠤᠶᠠᠷ ᠬᠥᠪᠡᠭᠡᠨ ᠤ ᠳᠤᠮᠳᠠᠳᠤ ᠶᠢᠨ ᠰᠣᠶᠣᠯ ᠢ ᠬᠠᠮᠲᠤ ᠪᠠᠷ | ᠪᠠᠳᠠᠷᠠᠭᠤᠯᠬᠤ ᠶᠢ ᠠᠬᠢᠭᠤᠯᠵᠤ ᠂ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠬᠤ ᠶᠢ ᠰᠠᠨᠠᠭᠤᠯᠪᠠ ᠃ | ᠶᠡᠷᠦᠩᠬᠡᠢ ᠱᠦᠵᠢ ᠰᠢ ᠶᠢᠨ ᠫᠢᠩ ᠲᠠᠶᠢᠸᠠᠨ ᠤ ᠠᠵᠢᠯ ᠤᠨ ᠶᠡᠭᠡ ᠲᠠᠯ᠎ᠠ ᠳᠤ ᠤᠯᠠᠮ ᠴᠢᠨᠠᠭᠰᠢᠳᠠ ᠪᠠᠶᠢᠷᠢ ᠲᠣᠭᠲᠠᠭᠠᠯᠲᠠ ᠪᠠᠨ ᠵᠥᠪ ᠣᠯᠵᠤ ᠂ | ᠳᠠᠪᠠᠭᠤᠯᠢᠭ ᠢᠶᠠᠨ ᠪᠠᠳᠠᠷᠠᠭᠤᠯᠵᠤ ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠂ ᠠᠷᠠᠯ ᠤᠨ ᠳᠣᠲᠣᠭᠠᠳᠤ | ᠭᠠᠳᠠᠭᠠᠳᠤ ᠶᠢᠨ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ ᠂ ︽ ᠲᠤᠰᠠᠭᠠᠷ ᠲᠣᠭᠲᠠᠨᠢᠭᠤᠯᠬᠤ ︾ ᠶᠢ | ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠵᠤ ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠬᠠᠮᠲᠤ ᠪᠠᠷ ᠠᠬᠢᠭᠤᠯᠬᠤ ᠶᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠢᠨ ᠳᠤ ᠬᠦᠰᠡᠪᠡ ᠃ | ᠤᠷᠢᠬᠠᠨ ᠰᠠᠯᠬᠢ ᠡᠬᠡ ᠭᠠᠵᠠᠷ ᠢ ᠢᠯᠪᠢᠵᠦ ᠂ ᠲᠦᠮᠡᠨ ᠪᠣᠳᠠᠰ ᠰᠢᠨᠡᠳᠦᠨ ᠠᠮᠢᠯᠠᠨ᠎ᠠ ᠃ | ᠰᠢᠨ᠎ᠡ ᠠᠶᠠᠨ ᠢ ᠪᠠᠷᠠᠯᠠᠬᠤᠶ᠎ᠠ ᠂ ᠶᠡᠷᠦᠩᠬᠡᠢ ᠱᠦᠵᠢ ᠰᠢ ᠶᠢᠨ ᠫᠢᠩ ᠤᠨ ︽ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠬᠠᠨᠳᠤᠰᠢ ᠶᠢ ᠦᠷᠭᠦᠯᠵᠢᠯᠡᠨ | ᠪᠠᠬᠢᠵᠢᠭᠦᠯᠦᠨ ᠴᠢᠩᠭᠠᠳᠬᠠᠵᠤ ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ | ᠢᠲᠡᠭᠡᠯ ᠵᠣᠷᠢᠭ ᠢᠶᠠᠨ ᠪᠠᠲᠤᠳᠬᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ ᠃ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ ᠂ ᠠᠯᠢᠪᠠ | ᠠᠰᠢᠭᠲᠠᠢ ᠨᠥᠬᠦᠴᠡᠯ ᠢ ᠠᠰᠢᠭᠯᠠᠨ ᠂ ᠬᠢᠬᠦ ᠪᠠᠷ ᠵᠣᠷᠢᠭ ᠰᠢᠭᠤᠳᠪᠠᠯ ᠳᠠᠷᠤᠢ ᠱᠠᠯᠠᠪᠳᠠᠨ ᠠᠵᠢᠯᠯᠠᠵᠤ ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ | ᠬᠡᠷᠡᠭᠲᠡᠢ ︾ ᠭᠡᠬᠦ ᠶᠠᠷᠢᠶ᠎ᠠ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ ᠃ | | | |