ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/3/13
     3 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ ᠃    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠯᠤᠰ ᠪᠣᠯᠣᠨ ᠴᠡᠷᠢᠭ ᠠᠩᠭᠢ ᠶᠢᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠤᠯᠭ᠎ᠠ ᠬᠠᠩᠭᠠᠪᠠ ᠂ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠭᠦᠯᠬᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠬᠤᠷᠢᠭ᠎ᠠ ᠴᠡᠭ ᠢ ᠨᠡᠪᠲᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠨ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠵᠦ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠰᠢᠪᠲᠤᠯᠤᠯᠲᠠ ᠪᠣᠯᠭᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠵᠡᠷᠭᠡ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠭᠦᠨᠵᠡᠭᠡᠢ ᠠᠭᠤᠰᠤᠯᠴᠠᠬᠤ ᠬᠡᠷᠡᠭᠲᠡᠢ ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠣᠯᠣᠨ ᠬᠥᠬᠡ ᠣᠭᠲᠠᠷᠭᠤᠢ ᠂ ᠬᠥᠬᠡᠮᠳᠦᠭ ᠤᠰᠤ ᠂ ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ ᠂ ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠃ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠭᠦ ᠬᠦᠴᠦ ᠪᠠᠷ ᠢᠶᠠᠨ ᠳᠡᠮᠵᠢᠵᠦ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠴᠠᠭ ᠢ ᠠᠮᠵᠢᠨ ᠲᠦᠷᠭᠡᠨ ᠠᠵᠢᠯᠯᠠᠵᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠡᠨᠧᠷᠭᠢ ᠶᠢ ᠰᠢᠩᠭᠡᠭᠡᠬᠦ ᠣᠷᠣᠨ ᠵᠠᠢ ᠶᠢ ᠥᠷᠭᠡᠳᠬᠡᠵᠦ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠬᠡᠷᠡᠭᠲᠡᠢ ᠃ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ ᠂ ᠨᠡᠭᠦᠷᠡᠰᠦ ᠴᠠᠭᠢᠯᠭᠠᠨ ᠤ ᠠᠵᠤ ᠠᠬᠤᠶᠢᠯᠠᠯ ᠤᠨ ︽ ᠭᠤᠷᠪᠠ ᠶᠢ ᠥᠭᠡᠷᠡᠴᠢᠯᠡᠬᠦ ︾ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ ᠰᠢᠨ᠎ᠡ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ ᠰᠠᠶᠢᠲᠤᠷ ᠪᠠᠶᠢᠭᠤᠯᠵᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢ ᠶᠡᠭᠡ ᠪᠠᠷ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠵᠠᠯᠠᠭᠤ ᠺᠠᠳ᠋ᠷᠴᠤᠳ ᠢ ᠬᠥᠮᠥᠵᠢᠭᠦᠯᠬᠦ ᠂ ᠬᠡᠷᠡᠭᠯᠡᠬᠦ ᠂ ᠬᠠᠮᠢᠶᠠᠷᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠥᠷᠭᠡᠨ ᠣᠯᠠᠨ ᠵᠠᠯᠠᠭᠤ ᠺᠠᠳ᠋ᠷ ᠤᠨ ︽ ᠲᠠᠪᠤᠨ ᠤᠬᠠᠮᠰᠠᠷ ︾ ᠤᠨ ᠱᠠᠭᠠᠷᠳᠠᠯᠭ᠎ᠠ ᠶᠣᠰᠣᠭᠠᠷ ᠪᠡᠶ᠎ᠡ ᠪᠠᠨ ᠱᠠᠭᠠᠷᠳᠠᠵᠤ ᠂ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠵᠠᠯᠠᠭᠤ ᠺᠠᠳ᠋ᠷᠴᠤᠳ ᠤᠨ ︽ ᠦᠵᠡᠯ ᠰᠠᠨᠠᠭ᠎ᠠ ᠶᠢ ᠰᠤᠷᠤᠯᠴᠠᠬᠤ ︾ ᠶᠢ ᠬᠠᠮᠤᠭ ᠤᠨ ᠲᠡᠷᠢᠭᠦᠨ ᠤ ᠵᠠᠪᠠᠯ ᠰᠤᠷᠬᠤ ᠬᠢᠴᠢᠶᠡᠯ ᠪᠤᠯᠭᠠᠬᠤ ᠶᠢ ᠠᠬᠢᠭᠤᠯᠵᠤ ᠂ ᠤᠨᠤᠯ ᠤᠨ ᠬᠡᠪ ᠪᠣᠯᠪᠠᠰᠤᠷᠠᠯ ᠢ ᠨᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠦᠨᠳᠦᠰᠦᠨ ᠱᠠᠲᠤᠨ ᠤ ᠡᠮᠦᠨ᠎ᠡ ᠹᠷᠣᠨᠲ ᠢ ᠺᠠᠳ᠋ᠷ ᠢ ᠬᠥᠮᠥᠵᠢᠭᠦᠯᠦᠨ ᠪᠤᠯᠪᠠᠰᠤᠷᠠᠭᠤᠯᠬᠤ ᠰᠠᠭᠤᠷᠢ ᠵᠢᠭᠰᠠᠭᠠᠯ ᠤᠨ ᠭᠠᠵᠠᠷ ᠪᠤᠯᠭᠠᠵᠤ ᠂ ᠵᠠᠯᠠᠭᠤ ᠺᠠᠳ᠋ᠷᠴᠤᠳ ᠢ ᠦᠢᠯᠡᠳᠦᠯᠭᠡ ᠶᠢᠨ ᠳᠤᠮᠳᠠ ᠳᠠᠪᠲᠠᠨ ᠪᠤᠯᠪᠠᠰᠤᠷᠠᠭᠤᠯᠵᠤ ᠂ ᠡᠷᠳᠡᠮ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠦᠷ᠎ᠡ ᠳ᠋ᠦᠩ ᠤᠨ ᠤᠬᠠᠮᠰᠠᠷ ᠢᠶᠠᠨ ᠴᠢᠩᠭᠠᠳᠬᠠᠵᠤ ᠂ ᠤᠷᠮᠠᠰᠢᠭᠤᠯᠤᠨ ᠬᠢᠵᠠᠭᠠᠷᠯᠠᠬᠤ ᠳᠦᠷᠢᠮ ᠢ ᠪᠦᠷᠢᠨᠰᠢᠭᠦᠯᠵᠦ ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ ᠃ ᠪᠦᠭᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠪᠦᠭᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠠᠵᠢᠯ ᠤᠨ ᠲᠣᠭᠲᠠᠴᠠ ᠪᠠᠨ ᠴᠢᠨᠠᠭᠰᠢᠳᠠ ᠰᠢᠯᠢᠳᠡᠭᠵᠢᠭᠦᠯᠵᠦ ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ ᠂ ᠵᠡᠭᠦᠨ ᠪᠠᠷᠠᠭᠤᠨ ᠲᠠᠯ᠎ᠠ ᠪᠠᠷ ᠢᠶᠠᠨ ᠵᠣᠬᠢᠴᠠᠯᠳᠤᠭᠰᠠᠨ ᠬᠢᠨᠠᠯᠲᠠ ᠲᠠᠯᠪᠢᠬᠤ ᠲᠣᠣᠷ ᠢ ᠲᠦᠷᠭᠡᠳᠬᠡᠨ ᠪᠠᠶᠢᠭᠤᠯᠵᠤ ᠂ ᠮᠡᠳᠡᠭᠡ ᠵᠠᠩᠭᠢ ᠶᠢ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ ᠂ ᠶᠡᠭᠡ ᠶᠠᠪᠤᠳᠠᠯ ᠴᠢᠬᠤᠯᠠ ᠶᠠᠪᠤᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢ ᠳᠤᠪᠤᠶᠢᠯᠭᠠᠵᠥ ᠂ ᠬᠢᠨᠠᠯᠲᠠ ᠲᠠᠯᠪᠢᠭᠰᠠᠨ ᠦᠷ᠎ᠡ ᠳ᠋ᠦᠩ ᠢ ᠰᠠᠶᠢᠲᠤᠷ ᠬᠡᠷᠡᠭᠯᠡᠵᠦ ᠂ ᠠᠰᠠᠭᠤᠳᠠᠯ ᠢ ᠡᠷᠲᠡᠬᠡᠨ ᠢᠯᠡᠷᠡᠭᠦᠯᠵᠦ ᠂ ᠡᠷᠲᠡᠬᠡᠨ ᠰᠢᠢᠳᠪᠦᠷᠢᠯᠡᠬᠦ ᠶᠢ ᠠᠬᠢᠭᠤᠯᠵᠤ ᠂ ᠠᠵᠢᠯ ᠤᠨ ᠳᠤᠮᠳᠠ ᠴᠥᠭᠡᠨ ᠪᠤᠷᠤᠭᠤ ᠭᠠᠷᠭᠠᠵᠤ ᠂ ᠺᠠᠳ᠋ᠷ ᠳᠤᠲᠠᠭᠤ ᠠᠯᠳᠠᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃         
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ