ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2024/3/13
    ᠰᠤᠷᠪᠤᠯᠵᠢᠯᠠᠭᠴᠢ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠣᠶᠣᠨ ᠮᠡᠳᠡᠷᠡᠯ ᠤᠨ ᠬᠦᠨᠳᠦ ᠡᠪᠡᠳᠴᠢᠨ ᠤ ᠳᠠᠭᠠᠳᠬᠠᠯ ᠳᠤ ᠣᠷᠣᠭᠰᠠᠳ ᠤᠨ ᠡᠪᠡᠳᠴᠢᠨ ᠦᠵᠡᠭᠦᠯᠵᠦ ᠡᠮ ᠵᠠᠯᠠᠬᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠂ ᠥᠪᠥᠷ ᠮᠣᠩᠭᠤᠯ ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠪᠠ ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠭᠠᠪᠠᠯ ᠂ ᠨᠢᠭᠡ ᠵᠢᠯ ᠤᠨ ᠳᠣᠲᠣᠷ᠎ᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠥᠯᠥᠬᠦ ᠪᠠᠷᠢᠮᠵᠢᠶ᠎ᠠ ᠨᠢ 300 ᠲᠥᠭᠦᠷᠢᠭ ᠪᠣᠯᠣᠨ᠎ᠠ ᠃ ᠣᠨ ᠤ ᠥᠭᠬᠦ ᠬᠢᠵᠠᠭᠠᠷ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ ᠨᠡᠶᠢᠯᠡᠭᠦᠯᠦᠨ ᠪᠤᠳᠤᠵᠤ ᠂ ᠨᠢᠭᠡ ᠵᠢᠯ ᠤᠨ ᠳᠣᠲᠣᠷᠠᠬᠢ ᠬᠠᠮᠤᠭ ᠥᠨᠳᠥᠷ ᠲᠥᠯᠥᠬᠦ ᠬᠢᠵᠠᠭᠠᠷ ᠨᠢ 30.5 ᠲᠦᠮᠡᠨ ᠲᠥᠭᠦᠷᠢᠭ ᠪᠣᠯᠣᠨ᠎ᠠ ᠃ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ ᠂ ᠬᠠᠮᠤᠭ ᠥᠨᠳᠥᠷ ᠬᠢᠵᠠᠭᠠᠷ ᠠᠴᠠ ᠳᠣᠷᠣᠭᠰᠢ ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠲᠥᠯᠥᠬᠦ ᠬᠠᠷᠢᠴᠠᠯ ᠨᠢ 90% ᠪᠣᠯᠣᠨ᠎ᠠ ᠃    ᠡᠭᠦᠨ ᠠᠴᠠ ᠭᠠᠳᠠᠨ᠎ᠠ ᠂ ᠣᠶᠣᠨ ᠮᠡᠳᠡᠷᠡᠯ ᠤᠨ ᠬᠦᠨᠳᠦ ᠡᠪᠡᠳᠴᠢᠨ ︵ M02100 ︶ ᠤ ᠣᠯᠭᠤᠮᠵᠢ ᠶᠢ ᠭᠤᠶᠤᠴᠢᠯᠠᠨ ᠮᠡᠳᠡᠭᠦᠯᠵᠦ ᠦᠨᠡᠮᠰᠢᠭᠦᠯᠬᠦ ᠪᠠ ᠡᠮᠴᠢᠯᠡᠬᠦ ᠲᠥᠰᠥᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠭᠦᠢᠴᠡᠳᠬᠡᠨ᠎ᠡ ᠃ ᠣᠶᠣᠨ ᠮᠡᠳᠡᠷᠡᠯ ᠤᠨ ᠬᠦᠨᠳᠦ ᠡᠪᠡᠳᠴᠢᠨ ᠲᠠᠢ ᠳᠠᠭᠠᠳᠬᠠᠯ ᠳᠤ ᠣᠷᠣᠭᠰᠠᠳ ᠪᠤᠶᠤ ᠲᠡᠭᠦᠨ ᠤ ᠣᠷᠣᠯᠠᠨ ᠭᠦᠢᠴᠡᠳᠭᠡᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠣᠨ᠎ᠠ ᠂ ᠮᠡᠳᠡᠭᠦᠯᠬᠦ ᠳᠤ ᠪᠠᠨ ᠣᠨᠣᠰᠢᠯᠠᠭᠰᠠᠨ ᠭᠡᠷᠡᠴᠢ ᠶᠢᠨ ᠡᠬᠡ ᠪᠢᠴᠢᠭ ᠂ ᠮᠡᠳᠡᠭᠦᠯᠦᠭᠰᠡᠨ ᠡᠪᠡᠳᠴᠢᠨ ᠤ ᠲᠥᠷᠥᠯ ᠲᠠᠢ ᠬᠤᠯᠪᠣᠭᠳᠠᠭᠰᠠᠨ ᠡᠮᠨᠡᠯᠭᠡ ᠳᠤ ᠰᠠᠭᠤᠭᠰᠠᠨ ᠡᠪᠡᠳᠴᠢᠨ ᠤ ᠪᠦᠷᠢᠨ ᠲᠡᠦᠬᠡ ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠬᠡᠷᠡᠭᠲᠡᠢ ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ