ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶᠢᠴᠢᠨ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/14
    3 ᠰᠠᠷ᠎ᠠ ᠶᠢᠨ 11 ᠤ ᠡᠳᠦᠷ ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠬᠤᠷᠠᠯ ᠢ ᠡᠷᠭᠢᠯᠡᠪᠡ ᠃    ᠬᠤᠸᠠᠩ ᡁᠢ ᠴᠢᠶᠠᠩ ᠂ ᠬᠠᠪᠤᠷ ᠤᠨ ᠤᠯᠠᠷᠢᠯ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠡᠭᠦᠰᠬᠦ ᠰᠢᠯᠲᠠᠭᠠᠨ ᠣᠯᠠᠨ ᠂ ᠠᠶᠤᠯ ᠲᠦᠭᠰᠢᠭᠦᠷᠢ ᠶᠡᠭᠡ ᠪᠠᠶᠢᠵᠤ ᠂ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠳᠠᠭ ᠃ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ ᠂ ᠬᠡᠷᠡᠭ ᠶᠠᠪᠤᠳᠠᠯ ᠢ ᠬᠠᠮᠢᠶᠠᠷᠬᠤ ᠬᠥᠮᠥᠨ ᠲᠠᠢ ᠂ ᠲᠦᠢᠮᠡᠷ ᠢ ᠰᠡᠷᠭᠡᠶᠢᠯᠡᠬᠦ ᠬᠥᠮᠥᠨ ᠲᠠᠢ ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠠᠶᠢᠬᠤ ᠶᠢ ᠪᠡᠶᠡᠯᠡᠭᠦᠯᠵᠦ ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠨ ︽ ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃ ︽ ᠰᠡᠷᠭᠡᠶᠢᠯᠡᠬᠦ ︾ ᠶᠢ ᠲᠣᠪᠤᠶᠢᠯᠭᠠᠨ ᠰᠠᠶᠢᠲᠤᠷ ᠠᠳᠬᠤᠵᠤ ᠂ ᠣᠨᠴᠠᠭᠠᠶᠢᠯᠠᠨ ᠬᠠᠩᠰᠢ ᠂ ︽ 5 · 1 ︾ ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ ᠲᠣᠪᠤᠶᠢᠯᠭᠠᠨ ᠰᠠᠶᠢᠲᠤᠷ ᠠᠳᠬᠤᠵᠤ ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ ᠬᠠᠮ ᠠᠷᠭ᠎ᠠ ᠬᠡᠮᠵᠢᠶ᠎ᠡ ︾ ᠶᠢ ᠰᠠᠶᠢᠲᠤᠷ ᠠᠪᠴᠤ ᠂ ᠠᠭᠤᠯᠠ ᠶᠢ ᠪᠠᠲᠤ ᠰᠠᠬᠢᠵᠤ ᠂ ᠬᠥᠮᠥᠨ ᠢ ᠰᠠᠶᠢᠲᠤᠷ ᠬᠠᠷᠠᠵᠤ ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠢ ᠃ ︽ ᠤᠨᠲᠠᠷᠠᠭᠠᠬᠤ ︾ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨᠴᠢ ᠪᠠᠷ ᠬᠥᠮᠥᠨ ᠤ ᠬᠦᠴᠦᠨ ᠢ ᠰᠢᠯᠢᠳᠡᠭᠵᠢᠭᠦᠯᠵᠦ ᠂ ᠲᠦᠢᠮᠡᠷ ᠢ ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ ᠂ ︽ ᠡᠷᠲᠡ ᠤᠨᠲᠠᠷᠠᠭᠠᠬᠤ ᠂ ᠪᠠᠭ᠎ᠠ ᠳᠤᠨᠢ ᠤᠨᠲᠠᠷᠠᠭᠠᠬᠤ ᠂ ᠤᠨᠲᠠᠷᠠᠭᠠᠵᠤ ᠳᠡᠶᠢᠯᠭᠦ ︾ ᠶᠢ ᠪᠠᠲᠤᠯᠠᠵᠤ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ