︽X ᠡᠪᠡᠳᠴᠢᠨ︾ ᠭᠡᠨᠡᠳᠲᠡ ᠡᠭᠦᠰᠬᠦ ᠪᠣᠯᠤᠯᠴᠠᠭ᠎ᠠ ᠲᠠᠢ ᠤᠤ︖ ᠬᠠᠷᠢᠭᠤ ᠦᠭᠪᠡ
ᠨᠡᠶᠢᠲᠡᠯᠡᠭᠰᠡᠨ ᠴᠠᠭ᠄
2024/3/14
    ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ ᠲᠧᠳ᠋ᠷᠤᠰ ᠤᠷᠴᠢᠮᠬᠠᠨ ︽ X ᠡᠪᠡᠳᠴᠢᠨ ︾ ᠭᠡᠨᠡᠳᠲᠡ ᠡᠭᠦᠰᠬᠦ ᠪᠣᠯᠣᠯᠴᠠᠭ᠎ᠠ ᠶᠢᠨ ᠲᠤᠬᠠᠶ ᠰᠡᠷᠡᠮᠵᠢ ᠦᠭᠭᠦ ᠳᠡᠭᠡᠨ ᠂ ᠰᠢᠨ᠎ᠡ ᠡᠪᠡᠳᠴᠢᠨ ᠡᠭᠦᠰᠭᠡᠭᠴᠢ ᠪᠠ ᠬᠠᠯᠳᠠᠪᠤᠷᠢᠲᠤ ᠡᠪᠡᠳᠴᠢᠨ ᠭᠡᠨᠡᠳᠲᠡ ᠡᠭᠦᠰᠬᠦ ᠨᠢ ︽ ᠵᠥᠪᠬᠡᠨ ᠴᠠᠭ ᠤᠨ ᠠᠰᠠᠭᠤᠳᠠᠯ ᠪᠣᠯᠬᠤ ᠠᠴᠠ ᠪᠢᠰᠢ ᠂ ᠬᠠᠷᠢᠨ ᠭᠡᠨᠡᠳᠲᠡ ᠡᠭᠦᠰᠬᠦ ᠡᠰᠡᠬᠦ ᠠᠰᠠᠭᠤᠳᠠᠯ ᠪᠢᠰᠢ ᠶᠤᠮ ︾ ᠭᠡᠵᠦ ᠬᠡᠯᠡᠪᠡ ᠃ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶᠠᠨ ᠤ ᠳᠠᠷᠤᠭ᠎ᠠ ᠸᠠᠩ ᠾᠧ ᠱᠧᠩ 9 ᠤ ᠡᠳᠦᠷ ᠪᠡᠭᠡᠵᠢᠩ ᠳᠤ ᠬᠡᠯᠡᠬᠦ ᠳᠡᠭᠡᠨ ᠂ ᠬᠡᠳᠦ᠋ᠢᠪᠡᠷ ︽ X ᠡᠪᠡᠳᠴᠢᠨ ︾ ᠡᠭᠦᠰᠬᠦ ᠠᠴᠠ ᠵᠠᠶᠢᠯᠠᠰᠬᠢᠬᠦ ᠳᠤ ᠪᠡᠷᠭᠡᠳᠡᠢ ᠪᠣᠯᠪᠠᠴᠤ ᠡᠭᠦᠨ ᠠᠴᠠ ᠪᠣᠯᠤᠭᠰᠠᠨ ᠶᠡᠭᠡ ᠪᠠᠷ ᠲᠡᠯᠭᠡᠷᠡᠬᠦ ᠶᠠᠪᠤᠳᠠᠯ ᠢ ᠰᠡᠷᠭᠡᠶᠢᠯᠡᠨ ᠠᠷᠭᠠᠴᠠᠭᠠᠵᠤ ᠪᠣᠯᠬᠤ ᠶᠤᠮ ᠭᠡᠵᠡᠶ ᠃     
ᠢᠷᠡᠯᠲᠡ᠄ ᠠᠷᠠᠳ ᠤᠨ ᠰᠦᠯᠵᠢᠶ᠎ᠡ