| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ ᠤᠯᠤᠰ ᠤᠨ | ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ︾ ︵ | ᠳᠣᠷᠣᠭᠰᠢ ︽ ᠮᠡᠳᠡᠭᠳᠡᠯ ︾ ᠭᠡᠵᠦ ᠳᠥᠭᠦᠮᠴᠢᠯᠡᠨ᠎ᠡ ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ ᠃ ︽ ᠮᠡᠳᠡᠭᠳᠡᠯ ︾ ᠳᠤ ᠂ ᠨᠠᠮ ᠤᠨ ᠲᠥᠪ ᠬᠤᠷᠢᠶ᠎ᠠ ᠠᠴᠠ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ | ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠤᠨ ᠣᠯᠭᠤᠵᠤ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠭᠠᠪᠢᠶᠠᠲᠤ ᠵᠢᠱᠢᠶᠡᠴᠢ ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ | ᠰᠠᠶᠢᠰᠢᠶᠠᠬᠤ ᠪᠠᠷ ᠲᠣᠭᠲᠠᠵᠠᠢ ᠭᠡᠵᠦ ᠵᠢᠭᠠᠵᠤ ᠭᠠᠷᠭᠠᠪᠠ ᠃ | ︽ ᠮᠡᠳᠡᠭᠳᠡᠯ ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ︽ ᠬᠤᠶᠠᠷ ᠢ | ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠨ ᠂ ︽ ᠳᠥᠷᠪᠡᠨ | ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠥᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ | ᠬᠥᠬᠢᠭᠦᠯᠦᠨ ᠰᠠᠶᠢᠰᠢᠶᠠᠵᠤ ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠰᠤᠷᠤᠯᠴᠠᠬᠤ ᠂ | ᠪᠠᠭᠠᠲᠤᠷᠴᠤᠳ ᠢ ᠬᠦᠨᠳᠦᠳᠬᠡᠬᠦ ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠃ | ︽ ᠮᠡᠳᠡᠭᠳᠡᠯ ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠴᠥᠮ ᠨᠡᠷ᠎ᠡ ᠳᠤᠷᠠᠳᠴᠤ ᠪᠣᠯᠣᠨ᠎ᠠ ᠂ | ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ ᠬᠥᠮᠥᠨ ᠳᠤ ᠨᠡᠬᠡᠮᠵᠢᠯᠡᠨ ᠣᠯᠭᠤᠵᠤ ᠪᠣᠯᠣᠨ᠎ᠠ ᠃ ︽ ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠲᠤ | ᠨᠡᠷ᠎ᠡ ᠳᠤᠷᠠᠳᠬᠤ ᠵᠢᠱᠢᠭᠳᠡᠭᠴᠢ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠂ ᠢᠯᠠᠩᠭᠤᠶ᠎ᠠ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠯᠤᠲᠤ ᠶᠡᠭᠡ ᠬᠤᠪᠢ ᠨᠡᠮᠡᠷᠢ ᠦᠵᠡᠭᠦᠯᠵᠦ ᠂ ᠭᠠᠷᠮᠠᠭᠠᠢ ᠭᠠᠪᠢᠶ᠎ᠠ ᠪᠠᠶᠢᠭᠤᠯᠤᠭᠰᠠᠨ ᠂ ᠡᠷᠬᠢᠮ ᠳᠡᠭᠡᠳᠦ ᠶᠣᠰᠣ | ᠮᠣᠷᠠᠯ ᠵᠠᠩ ᠴᠢᠨᠠᠷ ᠲᠠᠢ ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ ᠃ ︽ ᠨᠥᠬᠦᠷᠯᠡᠯ ᠤᠨ ᠭᠠᠪᠢᠶᠠᠨ ᠲᠡᠮᠳᠡᠭ ︾ ᠲᠤ | ᠨᠡᠷ᠎ᠡ ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠳᠤᠮᠳᠠ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠂ ᠳᠤᠮᠳᠠᠳᠤ | ᠤᠯᠤᠰ ᠲᠤ ᠣᠷᠳᠣ ᠬᠤᠭᠤᠴᠠᠭ᠎ᠠ ᠪᠠᠷ ᠨᠥᠭᠦᠷᠰᠡᠭ ᠂ ᠰᠠᠶᠢᠨ ᠰᠠᠶᠢᠬᠠᠨ ᠨᠡᠷ᠎ᠡ ᠠᠯᠳᠠᠷ ᠲᠠᠢ ᠭᠠᠳᠠᠭᠠᠳᠤ ᠶᠢᠨ ᠬᠥᠮᠥᠨ ᠪᠠᠶᠢᠬᠤ ᠬᠡᠷᠡᠭᠲᠡᠢ ᠃ ᠤᠯᠤᠰ ᠤᠨ ᠢᠷᠠᠭᠤ | ᠠᠯᠳᠠᠷ ᠤᠨ ᠴᠣᠯᠠ ᠳᠤ ᠨᠡᠷ᠎ᠡ ᠳᠤᠷᠠᠳᠬᠤ ᠵᠢᠱᠢᠭᠳᠡᠭᠴᠢ ᠨᠢ ᠠᠵᠤ ᠠᠬᠤᠢ ᠂ ᠨᠡᠶᠢᠭᠡᠮ ᠂ ᠤᠯᠤᠰ ᠤᠨ ᠪᠠᠲᠤᠯᠠᠨ ᠬᠠᠮᠠᠭᠠᠯᠠᠯᠲᠠ ᠂ ᠭᠠᠳᠠᠭᠠᠳᠤ ᠬᠠᠷᠢᠯᠴᠠᠭ᠎ᠠ ᠂ | ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠣᠶᠣᠯ ᠂ ᠡᠷᠡᠭᠦᠯ ᠬᠠᠮᠠᠭᠠᠯᠠᠯ ᠂ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠡᠯ᠎ᠡ ᠠᠵᠢᠯ ᠲᠥᠷᠥᠯ ᠂ | ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠂ ᠡᠷᠬᠢᠮ ᠳᠡᠭᠡᠳᠦ ᠨᠡᠷ᠎ᠡ ᠬᠦᠨᠳᠦ ᠲᠠᠢ ᠂ | ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠲᠠᠢ ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ ᠃ | ︽ ᠮᠡᠳᠡᠭᠳᠡᠯ ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ ᠃ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ ᠂ ᠨᠠᠷᠢᠨ ᠨᠢᠮᠪᠠᠢ ᠪᠠᠶᠢᠷᠢᠯᠠᠭᠤᠯᠤᠨ ᠲᠣᠬᠢᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ | ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃ ᠵᠥᠪ ᠴᠢᠭᠯᠡᠯ ᠢ ᠡᠵᠡᠮᠳᠡᠵᠦ ᠂ | ᠨᠡᠷ᠎ᠡ ᠳᠤᠷᠠᠳᠤᠭᠳᠠᠭᠰᠠᠨ ᠬᠥᠮᠥᠰ ᠤᠨ ᠲᠡᠷᠢᠭᠦᠨ ᠤ ᠴᠢᠨᠠᠷ ᠂ ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠃ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠩᠭᠤ ᠶᠢᠨ ᠢᠯᠡᠷᠡᠯ ᠢ ᠪᠦᠭᠦ ᠲᠠᠯ᠎ᠠ ᠪᠠᠷ ᠬᠢᠨᠠᠨ ᠰᠢᠯᠭᠠᠵᠤ ᠂ ᠤᠯᠤᠰ ᠲᠥᠷᠥ ᠶᠢᠨ ᠪᠣᠭᠤᠮᠲᠠ ᠂ ᠠᠷᠢᠭᠤᠨ ᠴᠢᠬᠡᠴᠢ ᠶᠢᠨ | ᠪᠣᠭᠤᠮᠲᠠ ᠶᠢ ᠰᠠᠶᠢᠲᠤᠷ ᠰᠠᠬᠢᠬᠤ ᠶᠢ ᠳᠣᠪᠤᠶᠢᠯᠭᠠᠵᠤ ᠂ ᠪᠣᠳᠠᠲᠠᠢ ᠬᠤᠪᠢ ᠨᠡᠮᠡᠷᠢ ᠪᠠᠷ ᠴᠢᠬᠤᠯᠠ ᠦᠨᠡᠯᠡᠬᠦ ᠪᠠᠷᠢᠮᠵᠢᠶ᠎ᠠ ᠪᠤᠯᠭᠠᠵᠤ ᠂ ᠢᠯᠡ ᠲᠣᠳᠣ ᠡᠷᠬᠡ ᠲᠡᠭᠰᠢ | ᠲᠥᠪ ᠭᠤᠤᠯᠴᠢ ᠪᠠᠶᠢᠬᠤ ᠶᠢ ᠪᠠᠷᠢᠮᠲᠠᠯᠠᠵᠤ ᠂ ᠣᠯᠠᠨ ᠲᠦᠮᠡᠨᠴᠢ ᠱᠤᠭᠤᠮ ᠢ ᠪᠠᠷᠢᠮᠲᠠᠯᠠᠵᠤ ᠂ ᠠᠷᠠᠳᠴᠢᠯᠠᠯ ᠢ ᠭᠦᠢᠴᠡᠳ ᠪᠠᠳᠠᠷᠠᠭᠤᠯᠵᠤ ᠂ ᠡᠯ᠎ᠡ ᠲᠠᠯ᠎ᠠ ᠶᠢᠨ ᠰᠠᠨᠠᠯ ᠢ | ᠥᠷᠭᠡᠨ ᠢᠶᠠᠷ ᠰᠣᠨᠣᠰᠴᠤ ᠂ ᠰᠠᠶᠢᠨ ᠤ ᠳᠤᠮᠳᠠ ᠠᠴᠠ ᠰᠢᠯᠢᠳᠡᠭ ᠢ ᠨᠢ ᠰᠣᠩᠭᠤᠬᠤ ᠬᠡᠷᠡᠭᠲᠡᠢ ᠃ | | |