ᠥᠪᠡᠷ ᠲᠤ ᠴᠢᠨᠢ ᠲᠤᠰᠠᠲᠠᠢ ᠵᠦᠢᠯ
ᠨᠡᠶᠢᠲᠡᠯᠡᠭᠰᠡᠨ ᠴᠠᠭ᠄
2024/3/15
    1. ᠠᠩᠬᠠᠷᠤᠯ ᠢᠶᠠᠨ ᠲᠥᠪᠯᠡᠷᠡᠭᠦᠯᠬᠦ ᠄ ᠨᠢᠭᠡ ᠯᠠ ᠵᠦᠢᠯ ᠣᠷᠣᠭᠤ ᠴᠢᠷᠮᠠᠶᠢᠪᠠᠯ ᠰᠠᠶ᠋ᠢ ᠥᠪᠡᠷ ᠢ ᠪᠠᠨ ᠨᠠᠩ ᠰᠢᠯᠢᠳᠡᠭ ᠪᠣᠯᠭᠠᠵᠤ ᠴᠢᠳᠠᠨ᠎ᠠ ᠃ ᠪᠠᠭ᠎ᠠ ᠶᠠᠪᠤᠳᠠᠯ ᠠᠴᠠ ᠡᠬᠢᠯᠡᠨ ᠠᠩᠬᠠᠷᠣᠯ ᠲᠠᠢ ᠬᠠᠨᠳᠣᠵᠦ ᠴᠢᠳᠠᠪᠠᠯ ᠲᠡᠷᠡ ᠶᠠᠪᠤᠳᠠᠯ ᠴᠢᠨᠢ ᠠᠶᠠᠨᠳᠠᠭᠠᠨ ᠲᠡᠭᠦᠰ ᠰᠠᠶᠢᠬᠠᠨ ᠪᠤᠯᠳᠠᠭ ᠶᠤᠮ ᠃     2. ᠨᠣᠮ ᠤᠩᠰᠢᠬᠤ ᠶᠢ ᠪᠠᠷᠢᠮᠲᠠᠯᠠᠬᠤ ᠄ ᠬᠥᠮᠥᠨ ᠨᠣᠮ ᠤᠩᠰᠢᠬᠤ ᠶᠢ ᠪᠠᠷᠢᠮᠲᠠᠯᠠᠪᠠᠯ ᠂ ᠦᠪᠡᠷ ᠢ ᠪᠠᠨ ᠬᠦᠭᠵᠢᠬᠦᠯᠵᠦ ᠂ ᠦᠵᠡᠯ ᠪᠤᠳᠤᠯ ᠢᠶᠠᠨ ᠰᠢᠨᠡᠴᠢᠯᠡᠨ ᠂ ᠪᠠᠶᠠᠯᠢᠭ ᠰᠠᠶᠢᠬᠠᠨ ᠣᠶᠤᠨ ᠰᠠᠨᠠᠭᠠᠨ ᠤ ᠣᠷᠣᠨ ᠵᠠᠢ ᠲᠠᠢ ᠪᠤᠯᠳᠠᠭ ᠃     3. ᠳᠡᠪᠴᠢᠶᠡᠷᠢ ᠲᠠᠢ ᠪᠠᠶᠢᠬᠤ ᠄ ᠠᠮᠵᠢᠯᠲᠠ ᠳᠤ ᠬᠦᠷᠬᠦ ᠬᠡᠳᠡᠭ ᠠᠶᠠᠨᠳᠠᠭᠠᠨ ᠤ ᠶᠠᠪᠤᠳᠠᠯ ᠪᠤᠯᠬᠤ ᠠᠴᠠ ᠨᠢᠭᠡ ᠯᠡ ᠳᠡᠭᠡᠷ᠎ᠡ ᠪᠡᠶᠡᠯᠡᠴᠢᠬᠡᠬᠦ ᠪᠢᠰᠢ ᠂ ᠡᠶᠢᠮᠦ ᠠᠴᠠ ᠳᠡᠪᠴᠢᠶᠡᠷᠢ ᠲᠠᠢ ᠪᠠᠶᠢᠬᠤ ᠴᠢᠬᠤᠯᠠ ᠃     4. ᠲᠤᠷᠰᠢᠯᠭ᠎ᠠ ᠬᠤᠷᠠᠮᠳᠤᠭᠤᠯᠬᠤ ᠄ ᠬᠥᠮᠥᠨ ᠤ ᠠᠮᠢᠳᠤᠷᠠᠯ ᠲᠠᠰᠤᠷᠠᠯᠲᠠ ᠦᠭᠡᠢ ᠦᠬᠡᠷᠡᠴᠢᠯᠡᠭᠳᠡᠵᠦ ᠬᠤᠪᠢᠷᠠᠵᠤ ᠪᠠᠶᠢᠳᠠᠭ ᠂ ᠴᠠᠭ ᠢᠮᠠᠬᠳᠠ ᠠᠵᠢᠯᠯᠠᠵᠦ ᠰᠣᠷᠣᠯᠴᠠᠨ ᠂ ᠲᠠᠰᠤᠷᠠᠯᠲᠠ ᠦᠭᠡᠢ ᠦᠢᠯᠡᠳᠦᠯᠭᠡᠵᠢᠭᠦᠯᠪᠡᠯ ᠰᠠᠶ᠋ᠢ ᠲᠤᠷᠰᠢᠯᠭ᠎ᠠ ᠬᠤᠷᠠᠮᠳᠤᠭᠤᠯᠵᠤ ᠂ ᠦᠪᠡᠷ ᠢ ᠪᠠᠨ ᠰᠢᠨᠡᠴᠢᠯᠡᠵᠦ ᠴᠢᠳᠠᠳᠠᠭ ᠃     5. ᠦᠪᠡᠷ ᠢ ᠪᠠᠨ ᠳ᠋ᠦᠩᠨᠡᠬᠦ ᠄ ᠦᠵᠡᠯ ᠪᠤᠳᠤᠯ ᠢᠶᠠᠨ ᠪᠣᠯᠪᠠᠰᠤᠷᠠᠩᠭᠤᠢ ᠪᠣᠯᠤᠭᠰᠠᠨ ᠡᠰᠡᠬᠦ ᠪᠠᠨ ᠳᠠᠨᠢᠬᠤ ᠳᠤ ᠥᠪᠡᠷ ᠢ ᠪᠠᠨ ᠳ᠋ᠦᠩᠨᠡᠵᠦ ᠴᠢᠳᠠᠬᠤ ᠡᠰᠡᠬᠦ ᠪᠠᠷ ᠬᠡᠮᠵᠢᠶᠡᠯᠡᠨ᠎ᠡ ᠃     6. ᠪᠤᠰᠤᠳ ᠤᠨ ᠠᠴᠢ ᠶᠢ ᠪᠤᠳᠤᠬᠤ ᠄ ᠪᠤᠰᠤᠳ ᠤᠨ ᠬᠠᠪᠰᠤᠷᠤᠯᠭ᠎ᠠ ᠶᠢ ᠵᠦᠢ ᠶᠣᠰᠣᠨ ᠤ ᠭᠡᠵᠦ ᠦᠵᠡᠵᠦ ᠪᠣᠯᠬᠤ ᠦᠭᠡᠢ ᠂ ᠠᠴᠢ ᠶᠢ ᠮᠠᠷᠳᠠᠬᠤ ᠦᠬᠡᠢ ᠪᠤᠯ ᠰᠠᠶ᠋ᠢ ᠪᠤᠰᠤᠳ ᠤᠨ ᠢᠲᠡᠭᠡᠯ ᠢ ᠣᠯᠵᠤ ᠲᠠᠶᠢᠯᠤᠨ᠎ᠠ ᠃    
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ