| – 2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠲᠥᠯᠥᠭᠡᠯᠡᠭᠴᠢᠳ ᠠ᠋ ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ ᠂ ᠬᠢᠨᠠᠨ ᠶᠠᠷᠢᠯᠴᠠᠬᠤ | ᠪᠣᠯᠪᠠ ᠤᠤ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ ᠃ | ᠨᠢᠭᠡ ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ | ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ ᠃ ᠲᠦᠢᠯ ᠤᠨ | ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ | ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠭᠠᠳᠠᠭᠠᠳᠤ ᠳᠠᠷᠤᠯᠲᠠ ᠶᠢ ᠲᠤᠯᠵᠤ ᠂ ᠳᠣᠲᠣᠭᠠᠳᠤ ᠶᠢᠨ | ᠪᠡᠷᠬᠡᠰᠢᠶᠡᠯ ᠢ ᠢᠯᠠᠨ ᠳᠠᠪᠠᠵᠤ ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ ᠂ ᠪᠦᠭᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠃ | – ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ ᠂ 5.2% ᠢᠶᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ | ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ ᠂ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ | ᠥᠰᠪᠡ ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ ᠃ | – ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ ᠃ ᠤᠯᠠᠮᠵᠢᠯᠠᠯᠲᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ | ᠬᠥᠭᠵᠢᠭᠦᠯᠵᠦ ᠂ ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ | ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ ᠃ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ | ᠣᠷᠣᠭᠤᠯᠵᠤ ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ | ᠵᠢᠩ 60% ᠶᠢ ᠳᠠᠪᠠᠵᠠᠢ ᠃ | – ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ ᠃ ᠤᠯᠤᠰ ᠤᠨ ᠲᠤᠷᠰᠢᠯᠲᠠ ᠶᠢᠨ ᠲᠠᠰᠤᠭ ᠤᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ | ᠡᠯᠪᠡᠭ ᠦᠷ᠎ᠡ ᠪᠦᠲᠦᠭᠡᠯ ᠣᠯᠵᠤ ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ ᠂ ᠰᠢᠲᠠᠮᠠᠬᠠᠢ ᠬᠡᠢ ᠶᠢᠨ ᠲᠦᠷᠪᠢᠨ ᠂ ᠳᠥᠷᠪᠡᠳᠦᠭᠡᠷ ᠦᠶ᠎ᠡ ᠶᠢᠨ ᠴᠥᠮ᠎ᠡ ᠶᠢᠨ | ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ ᠂ ᠵᠣᠬᠢᠶᠠᠮᠠᠯ ᠤᠶᠤᠯᠢᠬ ᠂ | ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ ᠃ ᠮᠡᠷᠭᠡᠵᠢᠯ ᠤᠨ | ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ | ᠦᠷᠭᠦᠯᠵᠢᠯᠡᠨ ᠳᠡᠭᠡᠭᠰᠢᠯᠡᠪᠡ ᠃ | – ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ | ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠶᠠᠪᠤᠭᠳᠠᠭᠤᠯᠪᠠ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ | ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ ᠂ | ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠂ ᠤᠷᠢᠶᠠᠯᠠᠬᠤ ᠬᠦᠴᠦᠨ ᠢ ᠨᠡᠩ ᠢᠯᠡ ᠲᠣᠳᠣ | ᠢᠯᠡᠷᠡᠭᠦᠯᠪᠡ ᠃ | – ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ ᠃ ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ | ᠬᠦᠷᠴᠦ ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ ᠃ ᠴᠢᠬᠤᠯᠠ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ ᠃ ᠠᠵᠤ ᠠᠬᠤᠢ ᠮᠥᠩᠭᠦᠨ | ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ ᠃ ᠪᠣᠬᠢᠷᠳᠤᠯ ᠢ ᠰᠡᠷᠭᠡᠶᠢᠯᠡᠨ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ | ᠦᠷᠭᠦᠯᠵᠢᠯᠡᠨ ᠪᠠᠭᠤᠷᠠᠭᠤᠯᠵᠤ ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ ᠦᠷᠭᠦᠯᠵᠢᠯᠡᠨ | ᠰᠠᠶᠢᠵᠢᠷᠠᠭᠤᠯᠪᠠ ᠃ ︽ ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ ᠃ ᠳᠠᠭᠢᠨ | ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ | ᠴᠢᠨᠠᠷᠲᠠᠢ ᠪᠠᠷ ᠳᠠᠪᠠᠵᠤ ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ ᠃ | – ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ 6.1% ᠪᠠᠷ ᠨᠡᠮᠡᠭᠳᠡᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ ᠃ ᠠᠯᠪᠠᠨ ᠵᠢᠷᠤᠮ ᠤᠨ ᠰᠤᠷᠭᠠᠨ ᠬᠥᠮᠦᠵᠢᠯ ᠂ ᠨᠠᠰᠤᠵᠢᠯ ᠤᠨ ᠦᠨᠳᠦᠰᠦᠨ | ᠠᠰᠠᠷᠠᠮᠵᠢ ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ | ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ | ᠭᠦᠷᠲᠡᠪᠡ ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠴᠢᠩᠭᠠᠳᠬᠠᠵᠤ ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ ᠂ ᠮᠠᠨ ᠤ ᠤᠯᠤᠰ ᠤᠨ ᠠᠵᠤ ᠠᠬᠤᠢ | ᠳᠠᠪᠠᠯᠭᠠᠨ ᠮᠠᠶ᠋ᠢᠭ ᠢᠶᠠᠷ ᠬᠥᠭᠵᠢᠵᠦ ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ ᠂ ᠭᠠᠵᠠᠷ ᠣᠷᠣᠨ ᠤ ᠤᠯᠤᠰ ᠲᠦᠷᠦ ᠶᠢᠨ | ᠮᠥᠷᠭᠦᠯᠳᠦᠭᠡᠨ ᠰᠢᠷᠦᠭᠦᠰᠴᠦ ᠂ ᠬᠠᠮᠠᠭᠠᠯᠠᠬᠤ ᠦᠵᠡᠯ ᠂ ᠭᠠᠭᠴᠠ ᠲᠠᠯᠠᠲᠤ ᠦᠵᠡᠯ ᠳᠡᠭᠡᠭᠰᠢᠯᠡᠵᠦ ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ | ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ | ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ | ᠢᠯᠡᠷᠡᠵᠦ ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ ᠃ ᠭᠠᠳᠠᠭᠠᠳᠤ ᠬᠡᠷᠡᠭᠴᠡᠭᠡ ᠪᠠᠭᠤᠷᠠᠵᠤ | ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠂ ᠣᠷᠣᠨ ᠨᠤᠲᠤᠭ ᠤᠨ ᠥᠷᠢ ᠥᠭᠴᠡᠭᠡ ᠂ ᠳᠤᠮᠳᠠ ᠵᠢᠵᠢᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠤᠶᠢᠮ᠎ᠠ ᠢᠯᠡᠷᠡᠵᠦ ᠂ ᠬᠡᠰᠡᠭ ᠭᠠᠵᠠᠷ ᠣᠷᠣᠨ ᠦᠶᠡᠷ ᠤᠰᠤᠲᠤᠯ ᠂ | ᠲᠠᠶᠢᠹᠧᠩ ᠰᠠᠯᠬᠢ ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ ᠃ ᠡᠶᠢᠮᠦᠷᠬᠦᠦ ᠪᠠᠶᠢᠳᠠᠯ ᠤᠨ ᠳᠣᠣᠷ᠎ᠠ ᠂ | ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ | ᠢᠯᠡᠳᠲᠡ ᠣᠯᠠᠰᠢᠷᠠᠪᠠ ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ ᠃ ᠢᠯᠠᠩᠭᠤᠶ᠎ᠠ ᠪᠢᠳᠡ ᠰᠢᠨ᠎ᠡ | ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠬᠦᠨᠳᠦ ᠶᠡᠭᠡ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ ᠂ ᠤᠶᠤᠨ ᠤᠬᠠᠭᠠᠨ ᠂ ᠴᠢᠳᠠᠪᠤᠷᠢ ᠲᠠᠢ ᠶᠤᠮ ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ ᠂ | ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ ︕ | ᠨᠢᠭᠡ ᠵᠢᠯ ᠤᠨ ᠲᠤᠷᠰᠢ ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ ᠂ ᠭᠤᠣᠯᠳᠠᠭᠤ ᠳᠣᠣᠷᠠᠬᠢ ᠠᠵᠢᠯ ᠤᠳ ᠢ ᠬᠢᠪᠡ ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠪᠠ ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ ᠂ ᠪᠢᠳᠡ | ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ | ᠳᠣᠪᠤᠶᠢᠯᠭᠠᠵᠤ ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ | ᠪᠦᠲᠦᠮᠵᠢ ᠶᠢ ᠡᠵᠡᠮᠳᠡᠵᠦ ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ ᠂ ︽ ᠨᠡᠯᠦ᠋ᠢᠯᠭᠡᠨ ᠤᠰᠤᠯᠠᠬᠤ ︾ ᠪᠠ ᠣᠬᠤᠷ ᠬᠤᠭᠤᠴᠠᠭᠠᠨ ᠤ | ᠴᠢᠩᠭ᠎ᠠ ᠰᠡᠳᠦᠯᠲᠡ ᠥᠭᠬᠦ ᠦᠭᠡᠢ ᠪᠠᠶᠢᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ ᠂ ᠪᠦᠭᠦ ᠵᠢᠯ ᠤᠨ ᠠᠵᠤ | ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ ᠂ ᠳᠤᠮᠳᠠ ᠬᠤᠭᠤᠴᠠᠭᠠᠨ ᠳᠤ ᠥᠨᠳᠥᠷ ᠂ ᠰᠡᠭᠦᠯ ᠤᠨ ᠬᠤᠭᠤᠴᠠᠭᠠᠨ ᠳᠤ ᠲᠣᠭᠲᠠᠭᠤᠨ | ᠪᠠᠶᠢᠳᠠᠯ ᠢᠯᠡᠷᠡᠪᠡ ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠪᠦᠲᠦᠴᠡ ᠶᠢ ᠰᠢᠯᠢᠳᠡᠭᠵᠢᠭᠦᠯᠬᠦ ᠂ ᠢᠲᠡᠭᠡᠯ ᠵᠣᠷᠢᠭ ᠢ ᠬᠥᠪᠴᠢᠯᠡᠬᠦ ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ | ᠰᠢᠯᠢᠳᠡᠭᠵᠢᠭᠦᠯᠵᠦ ᠂ ᠨᠢᠭᠡ ᠪᠦᠯᠦᠭ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ ᠂ | ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ | 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ ᠂ ᠭᠠᠮᠰᠢᠭ ᠤᠨ | ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠲᠡᠭᠡᠭᠰᠢᠯᠡᠭᠦᠯᠭᠦ ᠶᠢ ᠳᠡᠮᠵᠢᠪᠡ ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ | ᠪᠠᠭᠤᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠂ ᠲᠡᠷᠢᠭᠦᠨ ᠤ ᠦᠢᠯᠡᠳᠬᠦ ᠦᠢᠯᠡᠰ ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ | ᠠᠬᠤᠶᠢᠯᠠᠯ ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ ᠃ ᠮᠠᠰᠢᠨ ᠲᠡᠷᠭᠡ ᠂ ᠭᠡᠷ ᠦᠷᠤᠭᠡ ᠂ ᠡᠯᠧᠺᠳ᠋ᠷᠣᠨ ᠦᠢᠯᠡᠳᠬᠦᠨ ᠂ | ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ ᠂ | ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠲᠦᠷᠭᠡᠰᠪᠡ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ ᠂ ᠡᠨᠧᠷᠭᠢ ᠶᠢᠨ ᠰᠤᠷᠪᠤᠯᠵᠢ ᠂ | ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ ᠃ ᠬᠤᠲᠠ ᠶᠢᠨ | ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ | ᠰᠢᠯᠢᠳᠡᠭᠵᠢᠭᠦᠯᠵᠦ ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ ᠂ ᠠᠰᠠᠷ ᠢ ᠪᠠᠲᠤᠲᠠᠢ ᠲᠤᠰᠢᠶᠠᠬᠤ ᠠᠵᠢᠯ ᠢ | ᠢᠳᠡᠪᠬᠢᠲᠡᠢ ᠪᠠᠷ ᠠᠬᠢᠭᠤᠯᠪᠠ ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠰᠠᠬᠢᠵᠤ ᠴᠢᠳᠠᠪᠠ ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ ᠂ ᠬᠤᠳᠠ ᠬᠥᠳᠡᠭᠡ ᠣᠷᠣᠨ ᠪᠦᠰᠡ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠳᠬᠠᠵᠤ ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ ᠃ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠂ | ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ ᠃ | ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ ᠳᠠᠪᠠᠪᠠ ᠃ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ | ᠠᠭᠤᠵᠢᠭᠤ ᠴᠢᠯᠦᠭᠡᠲᠡᠢ ᠪᠤᠯᠭᠠᠵᠤ ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ ᠂ ᠪᠠᠶᠢᠩᠭᠤ ᠰᠠᠭᠤᠭ᠎ᠠ ᠬᠥᠮᠥᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠴᠢᠩᠭᠠᠳᠬᠠᠵᠤ ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ | ᠠᠷᠭ᠎ᠠ ᠬᠡᠮᠵᠢᠶ᠎ᠡ ᠶᠢ ᠭᠠᠷᠭᠠᠵᠤ ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ | ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠪᠠ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ ᠂ ᠭᠤᠤᠯᠴᠢ | ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠲᠤᠰ ᠲᠤᠰ ᠭᠠᠷᠭᠠᠵᠤ ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ ᠂ | ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ ᠂ ᠲᠣᠭᠲᠠᠭᠠᠯ ᠠᠴᠠ | ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠂ ᠲᠠᠷᠢᠶᠠᠯᠠᠩ ᠬᠥᠳᠡᠭᠡ | ᠲᠣᠰᠬᠤᠨ ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ ᠃ ᠭᠠᠳᠠᠭᠠᠳᠤ | ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ ᠂ ᠴᠠᠭᠢᠯᠭᠠᠨ ᠮᠠᠰᠢᠨ ᠲᠡᠷᠭᠡ ᠂ ᠯᠢᠲ᠋ᠢ ᠳ᠋ᠢᠶᠠᠨ ᡂᠢ ᠂ | ᠭᠡᠷᠡᠯ ᠴᠠᠭᠢᠯᠭᠠᠨ ᠤ ᠦᠢᠯᠡᠳᠬᠦᠨ ︽ ᠰᠢᠨ᠎ᠡ ᠭᠤᠷᠪᠠᠨ ᠵᠦᠢᠯ ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ ᠃ ᠭᠠᠳᠠᠭᠠᠳᠤ ᠪᠡᠯᠡ ᠶᠢ ᠲᠠᠲᠠᠬᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ | ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ | ᠬᠤᠪᠢᠷᠠᠭᠤᠯᠤᠯᠲᠠ ᠶᠢ ᠲᠦᠷᠭᠡᠳᠬᠡᠪᠡ ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ ᠃ ᠴᠡᠯᠮᠡᠭ | ᠲᠡᠭᠷᠢ ᠂ ᠲᠤᠩᠭᠠᠯᠠᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ ᠃ ᠬᠥᠷᠥᠰᠥ ᠰᠢᠷᠣᠢ ᠶᠢᠨ ᠢᠳᠡᠭᠳᠡᠯ ᠂ ᠴᠥᠯᠵᠢᠯᠲᠡ ᠶᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ | ᠴᠢᠩᠭᠠᠳᠬᠠᠪᠠ ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ ᠃ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ ᠃ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ ᠂ ︽ ᠬᠤᠶᠠᠷ ᠢ ᠬᠥᠩᠭᠡᠷᠡᠭᠦᠯᠬᠦ ︾ ᠠᠵᠢᠯ ᠢ ᠰᠠᠶᠢᠲᠤᠷ ᠬᠢᠵᠦ ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ ᠃ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠳᠤ ︽ ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠬᠠᠯᠳᠠᠪᠤᠷᠢᠲᠤ | ᠲᠠᠭᠰᠢᠭᠤᠷ ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠪᠡ ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ | ᠬᠡᠷᠡᠭᠵᠢᠭᠦᠯᠪᠡ ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ ᠃ | ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ ᠃ ᠣᠯᠠᠨ ᠲᠦᠮᠡᠨ ᠤ ᠪᠡᠶ᠎ᠡ ᠶᠢᠨ ᠲᠠᠮᠢᠷ | ᠥᠷᠨᠢᠨ ᠬᠥᠭᠵᠢᠵᠦ ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ ᠂ ᠮᠠᠨ ᠤ ᠤᠯᠤᠰ ᠤᠨ ᠲᠠᠮᠢᠷᠴᠢᠳ | ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠪᠡ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ | ᠭᠦᠢᠴᠡᠳᠭᠡᠭᠴᠢ ᠂ ᠦᠢᠯᠡᠳᠦᠯᠭᠡᠵᠢᠭᠦᠯᠦᠭᠴᠢ ᠂ ᠰᠢᠷᠭᠠᠭᠤ ᠠᠵᠢᠯᠯᠠᠭᠴᠢ ᠪᠣᠯᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ ᠃ ᠤᠯᠤᠰ | ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ ᠃ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ | ᠶᠠᠷᠢᠯᠴᠠᠭᠤᠯᠬᠤ ᠪᠠᠷ ᠳᠡᠪᠰᠢᠭᠦᠯᠵᠦ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ ᠃ ᠤᠬᠠᠮᠰᠠᠷ ᠠᠴᠠ ᠪᠠᠨ ᠬᠠᠤᠯᠢ ᠶᠣᠰᠣᠭᠠᠷ | ᠬᠢᠨᠠᠯᠲᠠ ᠶᠢ ᠬᠦᠯᠢᠶᠡᠪᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ ᠂ ᠲᠥᠷᠥ ᠶᠢᠨ ᠪᠣᠳᠣᠯᠭ᠎ᠠ ᠪᠣᠯᠣᠨ ᠠᠵᠢᠯ ᠢ | ᠪᠣᠳᠠᠲᠤ ᠪᠠᠶᠢᠳᠠᠯ ᠳᠤ ᠨᠡᠶᠢᠴᠡᠭᠦᠯᠬᠦ ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ | ᠰᠢᠯᠢᠳᠡᠭᠵᠢᠭᠦᠯᠪᠡ ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠴᠢᠩᠭᠠᠳᠬᠠᠪᠠ ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠳᠦᠷᠪᠡᠨ ᠰᠤᠷᠲᠠᠯ ︾ ᠢ | ᠦᠷᠭᠦᠯᠵᠢᠯᠡᠨ ᠵᠠᠯᠠᠷᠠᠭᠤᠯᠤᠨ ᠵᠠᠰᠠᠵᠤ ᠂ ᠮᠥᠩᠭᠦᠨ ᠭᠦᠢᠯᠭᠡᠭᠡᠨ ᠤ ᠨᠢᠭᠡᠴᠢ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ | ᠲᠡᠭᠦᠯᠳᠡᠷᠵᠢᠭᠦᠯᠪᠡ ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ | ᠥᠭᠴᠦ ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ ᠃ | ᠨᠢᠭᠡ ᠵᠢᠯ ᠤᠨ ᠲᠤᠷᠰᠢ ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ ᠃ | ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ ᠂ BRICS ᠤᠨ | ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ | ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ ᠃ ᠳᠤᠮᠳᠠᠳᠤ ᠤᠯᠤᠰ – ᠳᠤᠮᠳᠠᠳᠤ | ᠠᠽᠢᠶ᠎ᠠ ᠶᠢᠨ ᠲᠦᠷᠦᠭᠦᠴᠦᠳ ᠤᠨ ᠬᠤᠷᠠᠯ ᠂ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠲᠥᠯᠥᠭᠡᠯᠡᠭᠴᠢᠳ ᠠ᠋ ︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ | ᠴᠢᠭᠯᠡᠯ ᠢ ᠡᠵᠡᠮᠳᠡᠭᠰᠡᠨ ᠳᠤ ᠪᠤᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ | ᠳᠡᠭᠦᠦ ᠨᠠᠷ ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ | ᠣᠷᠳᠣᠨ ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ ᠃ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ | ᠡᠭᠦᠰᠴᠦ ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ ᠂ ᠬᠦᠨᠳᠦ ᠬᠡᠴᠡᠭᠦᠦ ᠴᠢᠨᠠᠷ ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ ᠃ ᠮᠠᠨ ᠤ | ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠂ | ᠬᠡᠰᠡᠭ ᠠᠵᠢᠯ ᠲᠥᠷᠥᠯ ᠤᠨ ᠥᠢᠢᠯᠡᠳᠪᠦᠷᠢᠯᠡᠭᠦ ᠴᠢᠳᠠᠪᠤᠷᠢ ᠦᠯᠡᠭᠦᠳᠡᠵᠦ ᠂ ᠨᠡᠶᠢᠭᠡᠮ ᠤᠨ ᠵᠢᠱᠢᠯᠲᠡ ᠪᠠᠭᠤᠷᠠᠢ ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ | ᠨᠡᠯᠢᠶᠡᠳ ᠣᠯᠠᠨ ᠪᠠᠶᠢᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ | ᠪᠠᠶᠢᠨ᠎ᠠ ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ ᠃ | ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ ᠂ ᠣᠯᠠᠨ ᠨᠡᠶᠢᠲᠡ ᠶᠢᠨ | ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ᠃ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠃ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ | ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠂ ᠭᠡᠯᠪᠡᠷᠢ ᠶᠢᠨ ᠦᠵᠡᠯ ᠂ ᠨᠣᠶᠠᠨᠴᠢ | ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ | ᠪᠠᠶᠢᠵᠤ ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ ᠂ ᠥᠩᠭᠡᠪᠴᠢ ᠠᠵᠢᠯ ᠬᠢᠵᠦ ᠪᠠᠶᠢᠨ᠎ᠠ ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ | ᠮᠥᠨ ᠯᠡ ᠤᠯᠠᠨ ᠭᠠᠷᠴᠤ ᠪᠠᠶᠢᠨ᠎ᠠ ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ | ᠰᠠᠶᠢᠲᠤᠷ ᠬᠢᠵᠦ ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ︕ | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ 6.1% ᠪᠠᠷ ᠨᠡᠮᠡᠭᠳᠡᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ ᠃ ᠠᠯᠪᠠᠨ ᠵᠢᠷᠤᠮ ᠤᠨ ᠰᠤᠷᠭᠠᠨ ᠬᠥᠮᠦᠵᠢᠯ ᠂ ᠨᠠᠰᠤᠵᠢᠯ ᠤᠨ ᠦᠨᠳᠦᠰᠦᠨ | ᠠᠰᠠᠷᠠᠮᠵᠢ ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ | ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ | ᠭᠦᠷᠲᠡᠪᠡ ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠴᠢᠩᠭᠠᠳᠬᠠᠵᠤ ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ ᠂ ᠮᠠᠨ ᠤ ᠤᠯᠤᠰ ᠤᠨ ᠠᠵᠤ ᠠᠬᠤᠢ | ᠳᠠᠪᠠᠯᠭᠠᠨ ᠮᠠᠶ᠋ᠢᠭ ᠢᠶᠠᠷ ᠬᠥᠭᠵᠢᠵᠦ ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ ᠂ ᠭᠠᠵᠠᠷ ᠣᠷᠣᠨ ᠤ ᠤᠯᠤᠰ ᠲᠦᠷᠦ ᠶᠢᠨ | ᠮᠥᠷᠭᠦᠯᠳᠦᠭᠡᠨ ᠰᠢᠷᠦᠭᠦᠰᠴᠦ ᠂ ᠬᠠᠮᠠᠭᠠᠯᠠᠬᠤ ᠦᠵᠡᠯ ᠂ ᠭᠠᠭᠴᠠ ᠲᠠᠯᠠᠲᠤ ᠦᠵᠡᠯ ᠳᠡᠭᠡᠭᠰᠢᠯᠡᠵᠦ ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ | ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ | ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ | ᠢᠯᠡᠷᠡᠵᠦ ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ ᠃ ᠭᠠᠳᠠᠭᠠᠳᠤ ᠬᠡᠷᠡᠭᠴᠡᠭᠡ ᠪᠠᠭᠤᠷᠠᠵᠤ | ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠂ ᠣᠷᠣᠨ ᠨᠤᠲᠤᠭ ᠤᠨ ᠥᠷᠢ ᠥᠭᠴᠡᠭᠡ ᠂ ᠳᠤᠮᠳᠠ ᠵᠢᠵᠢᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠤᠶᠢᠮ᠎ᠠ ᠢᠯᠡᠷᠡᠵᠦ ᠂ ᠬᠡᠰᠡᠭ ᠭᠠᠵᠠᠷ ᠣᠷᠣᠨ ᠦᠶᠡᠷ ᠤᠰᠤᠲᠤᠯ ᠂ | ᠲᠠᠶᠢᠹᠧᠩ ᠰᠠᠯᠬᠢ ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ ᠃ ᠡᠶᠢᠮᠦᠷᠬᠦᠦ ᠪᠠᠶᠢᠳᠠᠯ ᠤᠨ ᠳᠣᠣᠷ᠎ᠠ ᠂ | ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ | ᠢᠯᠡᠳᠲᠡ ᠣᠯᠠᠰᠢᠷᠠᠪᠠ ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ ᠃ ᠢᠯᠠᠩᠭᠤᠶ᠎ᠠ ᠪᠢᠳᠡ ᠰᠢᠨ᠎ᠡ | ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠬᠦᠨᠳᠦ ᠶᠡᠭᠡ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ ᠂ ᠤᠶᠤᠨ ᠤᠬᠠᠭᠠᠨ ᠂ ᠴᠢᠳᠠᠪᠤᠷᠢ ᠲᠠᠢ ᠶᠤᠮ ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ ᠂ | ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ ︕ | ᠨᠢᠭᠡ ᠵᠢᠯ ᠤᠨ ᠲᠤᠷᠰᠢ ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ ᠂ ᠭᠤᠣᠯᠳᠠᠭᠤ ᠳᠣᠣᠷᠠᠬᠢ ᠠᠵᠢᠯ ᠤᠳ ᠢ ᠬᠢᠪᠡ ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠪᠠ ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ ᠂ ᠪᠢᠳᠡ | ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ | ᠳᠣᠪᠤᠶᠢᠯᠭᠠᠵᠤ ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ | ᠪᠦᠲᠦᠮᠵᠢ ᠶᠢ ᠡᠵᠡᠮᠳᠡᠵᠦ ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ ᠂ ︽ ᠨᠡᠯᠦ᠋ᠢᠯᠭᠡᠨ ᠤᠰᠤᠯᠠᠬᠤ ︾ ᠪᠠ ᠣᠬᠤᠷ ᠬᠤᠭᠤᠴᠠᠭᠠᠨ ᠤ | ᠴᠢᠩᠭ᠎ᠠ ᠰᠡᠳᠦᠯᠲᠡ ᠥᠭᠬᠦ ᠦᠭᠡᠢ ᠪᠠᠶᠢᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ ᠂ ᠪᠦᠭᠦ ᠵᠢᠯ ᠤᠨ ᠠᠵᠤ | ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ ᠂ ᠳᠤᠮᠳᠠ ᠬᠤᠭᠤᠴᠠᠭᠠᠨ ᠳᠤ ᠥᠨᠳᠥᠷ ᠂ ᠰᠡᠭᠦᠯ ᠤᠨ ᠬᠤᠭᠤᠴᠠᠭᠠᠨ ᠳᠤ ᠲᠣᠭᠲᠠᠭᠤᠨ | ᠪᠠᠶᠢᠳᠠᠯ ᠢᠯᠡᠷᠡᠪᠡ ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠪᠦᠲᠦᠴᠡ ᠶᠢ ᠰᠢᠯᠢᠳᠡᠭᠵᠢᠭᠦᠯᠬᠦ ᠂ ᠢᠲᠡᠭᠡᠯ ᠵᠣᠷᠢᠭ ᠢ ᠬᠥᠪᠴᠢᠯᠡᠬᠦ ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ | ᠰᠢᠯᠢᠳᠡᠭᠵᠢᠭᠦᠯᠵᠦ ᠂ ᠨᠢᠭᠡ ᠪᠦᠯᠦᠭ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ ᠂ | ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ | 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ ᠂ ᠭᠠᠮᠰᠢᠭ ᠤᠨ | ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠲᠡᠭᠡᠭᠰᠢᠯᠡᠭᠦᠯᠭᠦ ᠶᠢ ᠳᠡᠮᠵᠢᠪᠡ ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ | ᠪᠠᠭᠤᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠂ ᠲᠡᠷᠢᠭᠦᠨ ᠤ ᠦᠢᠯᠡᠳᠬᠦ ᠦᠢᠯᠡᠰ ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ | ᠠᠬᠤᠶᠢᠯᠠᠯ ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ ᠃ ᠮᠠᠰᠢᠨ ᠲᠡᠷᠭᠡ ᠂ ᠭᠡᠷ ᠦᠷᠤᠭᠡ ᠂ ᠡᠯᠧᠺᠳ᠋ᠷᠣᠨ ᠦᠢᠯᠡᠳᠬᠦᠨ ᠂ | ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ ᠂ | ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠲᠦᠷᠭᠡᠰᠪᠡ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ ᠂ ᠡᠨᠧᠷᠭᠢ ᠶᠢᠨ ᠰᠤᠷᠪᠤᠯᠵᠢ ᠂ | ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ ᠃ ᠬᠤᠲᠠ ᠶᠢᠨ | ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ | ᠰᠢᠯᠢᠳᠡᠭᠵᠢᠭᠦᠯᠵᠦ ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ ᠂ ᠠᠰᠠᠷ ᠢ ᠪᠠᠲᠤᠲᠠᠢ ᠲᠤᠰᠢᠶᠠᠬᠤ ᠠᠵᠢᠯ ᠢ | ᠢᠳᠡᠪᠬᠢᠲᠡᠢ ᠪᠠᠷ ᠠᠬᠢᠭᠤᠯᠪᠠ ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠰᠠᠬᠢᠵᠤ ᠴᠢᠳᠠᠪᠠ ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ ᠂ ᠬᠤᠳᠠ ᠬᠥᠳᠡᠭᠡ ᠣᠷᠣᠨ ᠪᠦᠰᠡ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠳᠬᠠᠵᠤ ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ ᠃ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠂ | ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ ᠃ | ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ ᠳᠠᠪᠠᠪᠠ ᠃ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ | ᠠᠭᠤᠵᠢᠭᠤ ᠴᠢᠯᠦᠭᠡᠲᠡᠢ ᠪᠤᠯᠭᠠᠵᠤ ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ ᠂ ᠪᠠᠶᠢᠩᠭᠤ ᠰᠠᠭᠤᠭ᠎ᠠ ᠬᠥᠮᠥᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠴᠢᠩᠭᠠᠳᠬᠠᠵᠤ ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ | ᠠᠷᠭ᠎ᠠ ᠬᠡᠮᠵᠢᠶ᠎ᠡ ᠶᠢ ᠭᠠᠷᠭᠠᠵᠤ ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ | ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠪᠠ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ ᠂ ᠭᠤᠤᠯᠴᠢ | ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠲᠤᠰ ᠲᠤᠰ ᠭᠠᠷᠭᠠᠵᠤ ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ ᠂ | ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ ᠂ ᠲᠣᠭᠲᠠᠭᠠᠯ ᠠᠴᠠ | ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠂ ᠲᠠᠷᠢᠶᠠᠯᠠᠩ ᠬᠥᠳᠡᠭᠡ | ᠲᠣᠰᠬᠤᠨ ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ ᠃ ᠭᠠᠳᠠᠭᠠᠳᠤ | ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ ᠂ ᠴᠠᠭᠢᠯᠭᠠᠨ ᠮᠠᠰᠢᠨ ᠲᠡᠷᠭᠡ ᠂ ᠯᠢᠲ᠋ᠢ ᠳ᠋ᠢᠶᠠᠨ ᡂᠢ ᠂ | ᠭᠡᠷᠡᠯ ᠴᠠᠭᠢᠯᠭᠠᠨ ᠤ ᠦᠢᠯᠡᠳᠬᠦᠨ ︽ ᠰᠢᠨ᠎ᠡ ᠭᠤᠷᠪᠠᠨ ᠵᠦᠢᠯ ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ ᠃ ᠭᠠᠳᠠᠭᠠᠳᠤ ᠪᠡᠯᠡ ᠶᠢ ᠲᠠᠲᠠᠬᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ | ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ | ᠬᠤᠪᠢᠷᠠᠭᠤᠯᠤᠯᠲᠠ ᠶᠢ ᠲᠦᠷᠭᠡᠳᠬᠡᠪᠡ ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ ᠃ ᠴᠡᠯᠮᠡᠭ | ᠲᠡᠭᠷᠢ ᠂ ᠲᠤᠩᠭᠠᠯᠠᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ ᠃ ᠬᠥᠷᠥᠰᠥ ᠰᠢᠷᠣᠢ ᠶᠢᠨ ᠢᠳᠡᠭᠳᠡᠯ ᠂ ᠴᠥᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ | ᠴᠢᠩᠭᠠᠳᠬᠠᠪᠠ ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠤᠨ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ ᠃ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ ᠃ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ ᠂ ︽ ᠬᠤᠶᠠᠷ ᠢ ᠬᠥᠩᠭᠡᠷᠡᠭᠦᠯᠬᠦ ︾ ᠠᠵᠢᠯ ᠢ ᠰᠠᠶᠢᠲᠤᠷ ᠬᠢᠵᠦ ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ ᠃ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠳᠤ ︽ ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠬᠠᠯᠳᠠᠪᠤᠷᠢᠲᠤ | ᠲᠠᠭᠰᠢᠭᠤᠷ ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠪᠡ ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ | ᠬᠡᠷᠡᠭᠵᠢᠭᠦᠯᠪᠡ ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ ᠃ | ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ ᠃ ᠣᠯᠠᠨ ᠲᠦᠮᠡᠨ ᠤ ᠪᠡᠶ᠎ᠡ ᠶᠢᠨ ᠲᠠᠮᠢᠷ | ᠥᠷᠨᠢᠨ ᠬᠥᠭᠵᠢᠵᠦ ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ ᠂ ᠮᠠᠨ ᠤ ᠤᠯᠤᠰ ᠤᠨ ᠲᠠᠮᠢᠷᠴᠢᠳ | ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠪᠡ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ | ᠭᠦᠢᠴᠡᠳᠭᠡᠭᠴᠢ ᠂ ᠦᠢᠯᠡᠳᠦᠯᠭᠡᠵᠢᠭᠦᠯᠦᠭᠴᠢ ᠂ ᠰᠢᠷᠭᠠᠭᠤ ᠠᠵᠢᠯᠯᠠᠭᠴᠢ ᠪᠣᠯᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ ᠃ ᠤᠯᠤᠰ | ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ ᠃ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ | ᠶᠠᠷᠢᠯᠴᠠᠭᠤᠯᠬᠤ ᠪᠠᠷ ᠳᠡᠪᠰᠢᠭᠦᠯᠵᠦ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ ᠃ ᠤᠬᠠᠮᠰᠠᠷ ᠠᠴᠠ ᠪᠠᠨ ᠬᠠᠤᠯᠢ ᠶᠣᠰᠣᠭᠠᠷ | ᠬᠢᠨᠠᠯᠲᠠ ᠶᠢ ᠬᠦᠯᠢᠶᠡᠪᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ ᠂ ᠲᠥᠷᠥ ᠶᠢᠨ ᠪᠣᠳᠣᠯᠭ᠎ᠠ ᠪᠣᠯᠣᠨ ᠠᠵᠢᠯ ᠢ | ᠪᠣᠳᠠᠲᠤ ᠪᠠᠶᠢᠳᠠᠯ ᠳᠤ ᠨᠡᠶᠢᠴᠡᠭᠦᠯᠬᠦ ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ | ᠰᠢᠯᠢᠳᠡᠭᠵᠢᠭᠦᠯᠪᠡ ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ ᠃ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠳᠦᠷᠪᠡᠨ ᠰᠤᠷᠲᠠᠯ ︾ ᠢ ᠦᠷᠭᠦᠯᠵᠢᠯᠡᠨ | ᠵᠠᠯᠠᠷᠠᠭᠤᠯᠤᠨ ᠵᠠᠰᠠᠵᠤ ᠂ ᠮᠥᠩᠭᠦᠨ ᠭᠦᠢᠯᠭᠡᠭᠡᠨ ᠤ ᠨᠢᠭᠡᠴᠢ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ | ᠲᠡᠭᠦᠯᠳᠡᠷᠵᠢᠭᠦᠯᠪᠡ ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ | ᠥᠭᠴᠦ ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ ᠃ | ᠨᠢᠭᠡ ᠵᠢᠯ ᠤᠨ ᠲᠤᠷᠰᠢ ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ ᠃ | ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ ᠂ BRICS ᠤᠨ | ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ | ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ ᠃ ᠳᠤᠮᠳᠠᠳᠤ ᠤᠯᠤᠰ – ᠳᠤᠮᠳᠠᠳᠤ | ᠠᠽᠢᠶ᠎ᠠ ᠶᠢᠨ ᠲᠦᠷᠦᠭᠦᠴᠦᠳ ᠤᠨ ᠬᠤᠷᠠᠯ ᠂ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠲᠥᠯᠥᠭᠡᠯᠡᠭᠴᠢᠳ ᠠ᠋ ︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ | ᠴᠢᠭᠯᠡᠯ ᠢ ᠡᠵᠡᠮᠳᠡᠭᠰᠡᠨ ᠳᠤ ᠪᠤᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ | ᠳᠡᠭᠦᠦ ᠨᠠᠷ ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ | ᠣᠷᠳᠣᠨ ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ ᠃ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ | ᠡᠭᠦᠰᠴᠦ ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ ᠂ ᠬᠦᠨᠳᠦ ᠬᠡᠴᠡᠭᠦᠦ ᠴᠢᠨᠠᠷ ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ ᠃ ᠮᠠᠨ ᠤ | ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠂ | ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠂ ᠨᠡᠶᠢᠭᠡᠮ ᠤᠨ ᠵᠢᠱᠢᠯᠲᠡ ᠪᠠᠭᠤᠷᠠᠢ ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ | ᠨᠡᠯᠢᠶᠡᠳ ᠣᠯᠠᠨ ᠪᠠᠶᠢᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ | ᠪᠠᠶᠢᠨ᠎ᠠ ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ ᠃ | ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ ᠂ ᠣᠯᠠᠨ ᠨᠡᠶᠢᠲᠡ ᠶᠢᠨ | ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ᠃ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠃ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ | ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠂ ᠭᠡᠯᠪᠡᠷᠢ ᠶᠢᠨ ᠦᠵᠡᠯ ᠂ ᠨᠣᠶᠠᠨᠴᠢ | ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ | ᠪᠠᠶᠢᠵᠤ ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ ᠂ ᠥᠩᠭᠡᠪᠴᠢ ᠠᠵᠢᠯ ᠬᠢᠵᠦ ᠪᠠᠶᠢᠨ᠎ᠠ ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ | ᠮᠥᠨ ᠯᠡ ᠤᠯᠠᠨ ᠭᠠᠷᠴᠤ ᠪᠠᠶᠢᠨ᠎ᠠ ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ | ᠰᠠᠶᠢᠲᠤᠷ ᠬᠢᠵᠦ ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ︕ | ᠬᠤᠶᠠᠷ ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠂ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠭᠦ | ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ | ᠬᠦᠴᠦᠷᠬᠡᠭᠵᠢᠭᠦᠯᠬᠦ ᠶᠢ ᠠᠬᠢᠭᠤᠯᠵᠤ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠵᠦ ᠂ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠦᠨ ᠂ ᠠᠶᠤᠯ | ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠢᠱᠢᠯᠲᠡ ᠶᠢ ᠦᠨᠡᠨ ᠬᠦ ᠰᠠᠶᠢᠵᠢᠷᠠᠭᠤᠯᠤᠨ ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠬᠠᠨᠳᠤᠰᠢ ᠶᠢ ᠪᠠᠲᠤᠳᠬᠠᠨ ᠴᠢᠩᠭᠠᠷᠠᠭᠤᠯᠵᠤ ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ | ᠨᠡᠮᠡᠭᠳᠡᠯ ᠢ ᠦᠷᠭᠦᠯᠵᠢᠯᠡᠨ ᠠᠬᠢᠭᠤᠯᠵᠤ ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ ᠬᠦ | ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ | ᠢᠯᠡᠭᠦᠦ ᠪᠠᠶᠢᠨ᠎ᠠ ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠂ ᠠᠵᠤ | ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ ᠳᠠᠪᠠᠭᠤᠯᠢᠭ ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ | ᠳᠠᠪᠠᠭᠤᠯᠢᠭ ᠲᠠᠢ ᠪᠠᠶᠢᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ ᠂ ᠰᠢᠨ᠎ᠡ ᠠᠵᠤ ᠦᠢᠯᠡᠰ ᠂ ᠰᠢᠨ᠎ᠡ | ᠬᠡᠪ ᠵᠠᠭᠪᠤᠷ ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠶᠢᠷᠠᠵᠤ ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ | ᠬᠤᠷᠠᠮᠳᠤᠨ ᠂ ᠠᠵᠤ ᠠᠬᠤᠢ ᠰᠡᠷᠭᠦᠨ ᠰᠠᠶᠢᠵᠢᠷᠠᠵᠤ ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ | ᠴᠤ ᠦᠭᠡᠢ ᠶᠤᠮ ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ ᠃ ᠡᠭᠦᠨ ᠤ ᠬᠠᠮᠲᠤ ᠬᠢᠵᠠᠭᠠᠷ ᠱᠤᠭᠤᠮ ᠤᠨ | ᠰᠡᠳᠬᠢᠬᠦᠢ ᠶᠢ ᠪᠠᠷᠢᠮᠲᠠᠯᠠᠨ ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ ᠃ ᠪᠢᠳᠡ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠰᠢᠭᠲᠠᠢ ᠲᠣᠭᠢᠶᠠᠯ ᠢ ᠠᠯᠳᠠᠯ | ᠦᠭᠡᠢ ᠠᠮᠵᠢᠵᠤ ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ | ᠳᠠᠶᠢᠴᠢᠯᠠᠳᠠᠭ ᠯᠠ ᠶᠤᠮ ᠪᠣᠯ ᠯᠠᠪᠲᠠᠶᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ | ᠨᠡᠮᠡᠭᠳᠡᠭᠦᠯᠦᠨ᠎ᠡ ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠬᠤᠳᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ | ᠬᠡᠮᠵᠢᠶ᠎ᠡ ᠶᠢ 3% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ ︔ | ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ ︔ ᠠᠮᠤ ᠪᠤᠳᠠᠭᠠᠨ ᠤ ᠤᠨᠠᠯᠳᠠ ᠶᠢ 1.3 ᠲᠦᠮᠡᠨ | ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ | ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠬᠡᠷᠡᠭᠴᠡᠭᠡ ᠪᠠ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ ᠃ ᠠᠵᠤ ᠠᠬᠤᠢ ᠶᠢᠨ ᠨᠡᠮᠡᠭᠳᠡᠯ ᠤᠨ | ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ | ᠨᠥᠬᠦᠴᠡᠯ ᠢ ᠴᠤ ᠪᠣᠳᠣᠯᠬᠢᠯᠠᠭᠰᠠᠨ ᠶᠤᠮ ᠂ ᠡᠨᠡ ᠨᠢ ᠢᠳᠡᠪᠬᠢᠲᠡᠢ ᠪᠠᠷ ᠤᠷᠤᠭᠰᠢᠯᠠᠨ ᠳᠠᠪᠰᠢᠬᠤ ᠂ ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ | ᠱᠠᠭᠠᠷᠳᠠᠯᠭ᠎ᠠ ᠶᠢ ᠢᠯᠡᠷᠡᠭᠦᠯᠪᠡ ᠃ ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ ᠂ ᠬᠤᠪᠢ ᠳᠠᠭᠢᠨ ᠴᠢᠷᠮᠠᠶᠢᠨ ᠠᠵᠢᠯᠯᠠᠵᠤ ᠂ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ | ᠴᠢᠬᠤᠯᠠᠲᠠᠢ ᠃ | ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠂ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ ᠂ ᠤᠷᠢᠳ ᠢᠶᠠᠷ | ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ ᠃ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠵᠢᠱᠢᠯᠲᠡ ᠶᠢ ᠲᠣᠭᠲᠠᠭᠤᠨ ᠪᠠᠶᠢᠯᠭᠠᠬᠤ ᠂ ᠨᠡᠮᠡᠭᠳᠡᠯ ᠢ ᠲᠣᠭᠲᠠᠭᠤᠨ ᠪᠠᠶᠢᠯᠭᠠᠬᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ ᠂ ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠢᠨᠠᠭᠤᠷ ᠪᠣᠯᠭᠤᠮᠵᠢᠲᠠᠢ | ᠨᠡᠶᠢᠲᠡᠯᠡᠵᠦ ᠂ ᠴᠢᠨᠠᠷ ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ ᠪᠠ ᠬᠦᠴᠦᠨ ᠦᠭᠡᠢ | ᠪᠤᠯᠭᠠᠬᠤ ᠬᠡᠷᠡᠭᠲᠡᠢ ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ | ᠪᠠᠶᠢᠭᠤᠯᠵᠤ ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ ᠂ ᠢᠯᠠᠩᠭᠤᠶ᠎ᠠ ᠠᠷᠭ᠎ᠠ ᠮᠠᠶ᠋ᠢᠭ ᠢᠶᠠᠨ ᠬᠤᠪᠢᠷᠠᠭᠤᠯᠬᠤ ᠂ | ᠪᠦᠲᠦᠴᠡ ᠶᠢ ᠲᠣᠬᠢᠷᠠᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠭᠦ ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ ᠃ | ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ ᠂ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠂ ᠲᠦᠷᠦ ᠶᠢᠨ ᠪᠣᠳᠣᠯᠭ᠎ᠠ ᠶᠢᠨ | ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠬᠡᠷᠡᠭᠲᠡᠢ ᠃ ᠬᠥᠭᠵᠢᠯᠲᠡ ᠶᠢᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ ᠂ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠡᠶᠢᠯᠡᠯ ᠢ ᠰᠢᠯᠢᠳᠡᠭᠵᠢᠭᠦᠯᠦᠨ᠎ᠡ ᠃ | ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ ᠂ ᠤᠯᠠᠭᠠᠨ ᠲᠤᠭ᠎ᠠ ᠶᠢᠨ ᠬᠡᠪᠴᠢᠶ᠎ᠡ ᠶᠢ 4.06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ ᠂ | ᠲᠦᠷᠦᠭᠦᠥ ᠵᠢᠯ ᠤᠨ ᠵᠢᠯ ᠤᠨ ᠡᠬᠢᠨ ᠤ ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ ᠵᠢᠱᠢᠯᠲᠡ ᠪᠠᠷ ᠡᠨᠡ | ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ ᠰᠢᠯᠵᠢᠭᠦᠯᠦᠨ ᠣᠷᠣᠭᠤᠯᠬᠤ ᠪᠡᠯᠡ ᠮᠥᠩᠭᠦ ᠵᠡᠷᠭᠡ ᠶᠢ ᠨᠡᠮᠡᠪᠡᠯ ᠂ | ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠦᠷᠢᠭ ᠪᠣᠯᠵᠤ ᠂ ᠲᠦᠷᠦᠭᠦᠦ ᠵᠢᠯ ᠤᠨ ᠬᠢ ᠠᠴᠠ 1.1 | ᠲᠦᠮᠡᠨ ᠳ᠋ᠦᠩᠰᠢᠭᠤᠷ ᠲᠥᠭᠦᠷᠢᠭ ᠨᠡᠮᠡᠭᠳᠡᠨ᠎ᠡ ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 ᠲᠦᠮᠡᠨ | ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠲᠦᠷᠦᠭᠦᠦ ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ ᠴᠢᠬᠤᠯᠠ ᠶᠡᠭᠡ ᠲᠥᠰᠥᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠥᠯᠥᠭᠡ ᠂ ᠡᠨᠡ ᠵᠢᠯ ᠠᠴᠠ ᠡᠬᠢᠯᠡᠨ ᠵᠠᠯᠭᠠᠭ᠎ᠠ ᠪᠠᠷ ᠬᠡᠳᠦᠨ | ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ | ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ ᠂ ᠡᠨᠡ ᠵᠢᠯ ᠤᠷᠢᠳ ᠢᠶᠠᠷ ᠲᠦᠮᠡᠨ | ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ | ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ | ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ | ᠬᠡᠷᠡᠭᠲᠡᠢ ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ ᠂ | ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠠᠶᠢᠯᠭᠡᠵᠦ ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠡᠳ᠋ ᠤᠨ ᠬᠦᠴᠦᠨ ᠤ ᠬᠤᠪᠢᠶᠠᠷᠢᠯᠠᠯᠲᠠ ᠶᠢ | ᠳᠣᠷᠣᠭᠰᠢ ᠪᠠᠭᠤᠯᠭᠠᠬᠤ ᠶᠢ ᠠᠬᠢᠭᠤᠯᠵᠤ ᠂ ᠦᠨᠳᠦᠰᠦᠨ ᠱᠠᠲᠤᠨ ᠤ ︽ ᠭᠤᠷᠪᠠ ᠶᠢ ᠪᠠᠲᠤᠯᠠᠬᠤ ︾ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ ᠃ | ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ ᠃ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ ᠂ ᠦᠡᠭᠭᠡᠨ ᠲᠠᠯ᠎ᠠ ᠶᠢᠨ | ᠢᠨᠵᠧᠨᠧᠷᠢᠩ ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ ᠴᠢᠩᠭ᠎ᠠ ᠴᠠᠭᠠᠵᠠᠯᠠᠵᠤ ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ ᠃ ᠡᠯ᠎ᠡ | ᠱᠠᠲᠤᠨ ᠤ ᠵᠠᠰᠠᠭ ᠤᠨ ᠣᠷᠳᠣᠨ ᠭᠠᠮᠨᠠᠨ ᠠᠮᠢᠳᠤᠷᠠᠬᠤ ᠳᠠᠳᠬᠠᠯ ᠲᠠᠢ ᠪᠣᠯᠵᠤ ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ ᠂ ᠡᠳ᠋ ᠤᠨ ᠵᠠᠰᠠᠭ ᠤᠨ ᠪᠡᠯᠡ | ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠂ ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠬᠤ | ᠬᠡᠷᠡᠭᠲᠡᠢ ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠂ ᠵᠣᠭᠤᠰᠤᠨ ᠤ | ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ ᠃ ᠶᠡᠷᠦᠩᠬᠡᠢ | ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ ᠴᠢᠩᠭᠠᠳᠬᠠᠵᠤ ᠂ ᠬᠠᠳᠠᠭᠠᠯᠠᠯᠲᠠ ᠶᠢ ᠠᠮᠢᠳᠤᠯᠢᠭᠵᠢᠭᠤᠯᠤᠨ ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠃ ᠨᠡᠶᠢᠭᠡᠮ ᠤᠨ | ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ ᠃ ᠵᠣᠭᠤᠰᠤᠨ ᠤ | ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ ᠂ ᠪᠡᠯᠡ ᠮᠥᠩᠭᠦ ᠶᠢᠨ ᠰᠤᠯᠠ ᠳᠠᠷᠤᠭᠳᠠᠬᠤ ᠪᠠ ᠬᠤᠭᠤᠰᠤᠨ | ᠡᠷᠭᠢᠯᠳᠦᠬᠦ ᠠᠴᠠ ᠵᠠᠶᠢᠯᠠᠰᠬᠢᠨ᠎ᠡ ᠃ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ ᠃ ᠠᠷᠠᠳ ᠤᠨ ᠵᠣᠭᠤᠰ ᠤᠨ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ ᠃ | ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠂ ᠨᠣᠭᠤᠭᠠᠨ ᠮᠥᠩᠭᠦᠨ ᠭᠦᠢᠯᠭᠡᠭᠡ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠂ ᠨᠠᠰᠤᠵᠢᠯ ᠤᠨ | ᠠᠰᠠᠷᠠᠮᠵᠢ ᠶᠢᠨ ᠮᠥᠩᠭᠦᠨ ᠭᠦᠢᠯᠭᠡᠭᠡ ᠂ ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠂ | ᠲᠦᠭᠰᠢᠭᠦᠷᠢ ᠶᠢ ᠬᠤᠪᠢᠶᠠᠨ ᠡᠭᠦᠷᠭᠡᠯᠡᠬᠦ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ ᠃ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ ᠂ | ᠡᠳ᠋ ᠤᠨ ᠵᠠᠰᠠᠭ ᠂ ᠵᠣᠭᠤᠰ ᠂ ᠠᠵᠢᠯ ᠣᠯᠭᠤᠯᠲᠠ ᠂ ᠠᠵᠤ ᠦᠢᠯᠡᠰ ᠂ ᠣᠷᠣᠨ ᠪᠦᠰᠡ ᠂ ᠰᠢᠨᠵᠢᠯᠡᠬᠦ ᠤᠬᠠᠭᠠᠨ ᠮᠡᠷᠭᠡᠵᠢᠯ ᠂ ᠣᠷᠴᠢᠨ ᠠᠬᠤᠢ ᠶᠢᠨ ᠬᠠᠮᠠᠭᠠᠯᠠᠯᠲᠠ | ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ ᠂ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ | ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠵᠤ ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠨ ᠂ ᠢᠵᠢᠯ ᠴᠢᠭᠯᠡᠯ ᠢᠶᠠᠷ ᠬᠦᠴᠦᠯᠡᠵᠦ ᠂ ᠨᠡᠶᠢᠯᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ | ᠠᠪᠴᠤ ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ ᠠᠩᠬᠠᠷᠤᠯ ᠲᠠᠯᠪᠢᠵᠤ | ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠬᠠᠮᠵᠢᠯᠴᠠᠵᠤ ᠬᠤᠯᠪᠣᠯᠳᠤᠨ | ᠬᠥᠳᠡᠯᠦᠯᠴᠡᠬᠦ ᠶᠢ ᠴᠢᠩᠭᠠᠳᠬᠠᠵᠤ ᠂ ᠨᠡᠶᠢᠯᠡᠮᠡᠯ ᠦᠢᠯᠡᠳᠦᠯ ᠢ ᠶᠡᠬᠡᠰᠬᠡᠵᠦ ᠂ ᠨᠢᠭᠡ ᠶᠢ ᠨᠢ ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ | ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ ᠃ | ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ ᠂ ᠪᠠᠭᠠᠵᠢ ᠶᠢᠨ ᠬᠠᠶᠢᠷᠴᠠᠭ ᠢ ᠨᠢ | ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ ᠂ ᠴᠢᠬᠤᠯᠠᠲᠠᠢ ᠦᠶ᠎ᠡ ᠳᠤ ᠴᠠᠭ ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ | ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ ᠵᠢᠱᠢᠬᠦ ᠶᠢ | ᠴᠢᠩᠭᠠᠳᠬᠠᠵᠤ ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ ᠪᠠᠷᠢᠮᠵᠢᠶ᠎ᠠ ᠪᠤᠯᠭᠠᠵᠤ ᠂ ᠴᠠᠭ ᠲᠤᠬᠠᠢ ᠳᠤᠨᠢ ᠲᠣᠬᠢᠷᠠᠭᠤᠯᠤᠨ | ᠲᠡᠭᠦᠯᠳᠡᠷᠵᠢᠭᠦᠯᠬᠦ ᠬᠡᠷᠡᠭᠲᠡᠢ ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ ᠂ ᠲᠣᠭᠲᠠᠭᠤᠨ ᠪᠥᠭᠡᠳ ᠢᠯᠡ | ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠰᠢᠰᠲ᠋ᠧᠮ ᠤᠨ ᠦᠵᠡᠯᠲᠡ ᠪᠠᠨ | ᠴᠢᠩᠭᠠᠳᠬᠠᠵᠤ ᠂ ᠴᠢᠬᠤᠯᠠ ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ ᠨᠢ ᠭᠦᠨᠵᠡᠭᠡᠢ | ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ ᠃ ᠶᠠᠰᠤ ᠴᠢᠨᠠᠷ ᠢ ᠲᠡᠷᠢᠭᠦᠨ ᠳᠤ ᠲᠠᠯᠪᠢᠬᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ ᠂ | ᠦᠨᠳᠦᠰᠦ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ ᠂ | ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ ᠪᠣᠳᠣᠯᠬᠢᠯᠠᠬᠤ ᠴᠡᠭ ᠂ ᠲᠦᠷᠦ ᠶᠢᠨ ᠪᠣᠳᠣᠯᠭ᠎ᠠ ᠶᠢᠨ ᠬᠦᠴᠦᠯᠡᠬᠦ | ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠨ ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠨ ᠦᠢᠯᠡᠳᠦᠯᠴᠡᠭᠦᠯᠬᠦ ᠶᠢ ᠪᠠᠷᠢᠮᠲᠠᠯᠠᠵᠤ ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ | ᠰᠠᠬᠢᠭᠰᠠᠨ ᠤᠷᠢᠲᠠᠯ ᠳᠣᠣᠷ᠎ᠠ ᠂ ᠬᠥᠭᠵᠢᠯᠲᠡ ᠳᠤ ᠨᠡᠩ ᠢᠯᠡᠭᠦᠦ ᠠᠷᠭ᠎ᠠ ᠰᠦᠪᠡᠭᠴᠢᠯᠡᠵᠦ ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ ᠃ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ | ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ ᠴᠢᠬᠤᠯᠠᠴᠢᠯᠠᠵᠤ ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ | ᠵᠦᠢᠯ ᠢ ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ ᠃ ᠦᠨᠳᠦᠰᠦᠨ ᠠᠴᠠ ᠨᠢ ᠠᠪᠴᠤ ᠬᠡᠯᠡᠪᠡᠯ ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠦᠨ ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ | ᠠᠬᠢᠭᠤᠯᠵᠤ ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ | ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ | ᠭᠤᠷᠪᠠ ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠂ ᠪᠢᠳᠡ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠭᠤᠣᠯ ᠵᠥᠷᠢᠴᠡᠯ ᠢ ᠴᠢᠩᠭ᠎ᠠ ᠠᠳᠬᠤᠵᠤ ᠂ ᠪᠣᠭᠤᠮᠢ ᠬᠢᠵᠠᠭᠠᠷᠯᠠᠯ ᠢ ᠬᠦᠴᠦᠯᠡᠨ ᠰᠢᠪᠲᠤᠯᠵᠤ ᠂ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ ᠃ | ︵ ᠨᠢᠭᠡ ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠯᠡᠨ ᠬᠥᠭᠵᠢᠭᠦᠯᠦᠨ᠎ᠡ ᠃ ᠰᠢᠨ᠎ᠡ ᠶᠢ ᠡᠭᠦᠳᠬᠦ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠯᠡᠨ | ᠠᠬᠢᠭᠤᠯᠵᠤ ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ | ᠲᠠᠰᠤᠷᠠᠯᠲᠠ ᠦᠭᠡᠢ ᠪᠤᠶ ᠪᠤᠯᠭᠠᠵᠤ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ | ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠳᠤᠲᠠᠭᠤᠳᠠᠯ ᠢᠶᠠᠨ ᠨᠥᠬᠦᠪᠦᠷᠢᠯᠡᠬᠦ ᠂ ᠳᠠᠪᠠᠭᠤᠯᠢᠭ ᠢᠶᠠᠨ ᠪᠠᠳᠠᠷᠠᠭᠤᠯᠬᠤ ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ | ᠬᠦᠴᠦᠯᠡᠵᠦ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠨ᠎ᠠ ᠃ ᠦᠢᠯᠡᠳᠬᠦ | ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ | ᠪᠤᠶᠢᠵᠢᠭᠤᠯᠤᠨ ᠪᠤᠵᠠᠭᠠᠶᠢᠷᠠᠭᠤᠯᠵᠤ ᠂ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ ᠂ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠭᠦ ᠂ ᠣᠶᠤᠨᠴᠢᠯᠠᠬᠤ ᠂ ᠨᠤᠭᠤᠭᠠᠨᠵᠢᠭᠤᠯᠬᠤ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ ᠃ ᠤᠳᠤ | ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠯᠡᠨ ᠬᠥᠭᠵᠢᠭᠦᠯᠦᠨ᠎ᠡ ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ | ᠨᠠᠷᠢᠯᠢᠭ ᠥᠪᠡᠷᠮᠢᠴᠡ ᠰᠢᠨ᠎ᠡ ᠬᠥᠭᠵᠢᠯᠲᠡ ᠶᠢ ᠠᠬᠢᠭᠤᠯᠤᠨ᠎ᠠ ᠃ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ ᠃ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ ᠪᠠ ᠶᠠᠰᠤ ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ ᠳᠤᠮᠳᠠᠳᠤ ᠤᠯᠤᠰ ᠤᠨ ᠦᠢᠯᠡᠳᠬᠦ | ᠦᠢᠯᠡᠰ ︾ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠎ᠠ ᠃ ᠠᠵᠤ ᠦᠢᠯᠡᠰ ᠤᠨ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ ᠂ ᠬᠡᠷᠡᠭᠯᠡᠯᠲᠡ ᠶᠢᠨ ᠠᠬᠤᠢ | ᠪᠠᠶᠢᠳᠠᠯ ᠢ ᠥᠷᠭᠡᠳᠬᠡᠨ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ | ᠠᠬᠢᠭᠤᠯᠤᠨ᠎ᠠ ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ | ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ ᠂ ᠤᠰᠤᠲᠥ᠋ᠷᠥᠭᠴᠢ ᠡᠨᠧᠷᠭᠢ ᠂ ᠰᠢᠨ᠎ᠡ ᠮᠠᠲ᠋ᠧᠷᠢᠶᠠᠯ ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ ᠬᠥᠭᠵᠢᠭᠰᠡᠨ | ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠂ ᠠᠮᠢᠳᠤ ᠪᠣᠳᠠᠰ ᠤᠨ ᠦᠢᠯᠡᠳᠬᠦ ᠦᠢᠯᠡᠰ ᠂ ᠬᠤᠳᠠᠯᠳᠤᠭᠠᠨ ᠤ ᠰᠠᠨᠰᠠᠷ ᠤᠨ ᠠᠶᠠᠯᠠᠯ ᠂ ᠳᠣᠣᠷ᠎ᠠ | ᠠᠭᠠᠷ ᠤᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠵᠤ ᠂ ᠺᠸᠠᠨ᠋ᠲ ᠮᠡᠷᠭᠡᠵᠢᠯ ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ ᠂ ᠨᠢᠭᠡ ᠪᠦᠯᠦᠭ | ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠂ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠳᠠᠮᠵᠢ ᠶᠢ | ᠰᠢᠯᠢᠳᠡᠭᠵᠢᠭᠦᠯᠦᠨ᠎ᠡ ᠃ ᠭᠤᠣᠯᠳᠠᠯᠭ᠎ᠠ ᠲᠠᠢ ᠠᠵᠢᠯ ᠲᠥᠷᠥᠯ ᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ ᠬᠥᠲᠥᠯᠥᠨ | ᠵᠢᠯᠤᠭᠤᠳᠬᠤ ᠶᠢ ᠴᠢᠩᠭᠠᠳᠬᠠᠵᠤ ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ | ᠰᠡᠷᠭᠡᠶᠢᠯᠡᠨ᠎ᠡ ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ ᠃ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠳ᠋ᠢᠵᠢᠲ᠋ᠠᠯ ᠤᠨ ᠠᠵᠤ ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ | ᠢᠳᠡᠪᠬᠢᠲᠡᠢ ᠠᠬᠢᠭᠤᠯᠵᠤ ᠂ ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠃ ᠲᠣᠮᠣ ᠳ᠋ᠠᠶᠢᠲ᠋ᠠ ᠂ | ᠵᠣᠬᠢᠶᠠᠮᠠᠯ ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ ᠂ ︽ ᠵᠣᠬᠢᠶᠠᠮᠠᠯ ᠤᠶᠤᠯᠢᠭ + ︾ ᠠᠵᠢᠯᠯᠠᠭ᠎ᠠ ᠶᠢ ᠥᠷᠨᠢᠭᠦᠯᠵᠦ ᠂ ᠳᠡᠯᠡᠬᠡᠢ | ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ ᠃ ᠦᠢᠯᠡᠳᠬᠦ ᠦᠢᠯᠡᠰ ᠤᠨ ᠭᠡᠯᠪᠡᠷᠢ ᠶᠢ | ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠪᠴᠢᠶᠡᠵᠢᠭᠦᠯᠦᠭᠰᠡᠨ | ᠬᠡᠷᠡᠭᠯᠡᠯᠲᠡ ᠶᠢ ᠲᠦᠷᠭᠡᠳᠬᠡᠵᠦ ᠂ ᠦᠢᠯᠡᠴᠢᠯᠡᠭᠡᠨ ᠤ ᠦᠢᠯᠡᠰ ᠤᠨ ᠳ᠋ᠢᠵᠢᠲ᠋ᠠᠯᠴᠢᠯᠠᠯᠲᠠ ᠶᠢ ᠠᠬᠢᠭᠤᠯᠵᠤ ᠂ ᠣᠶᠤᠨᠴᠢ ᠬᠤᠲᠠ ᠂ ᠳ᠋ᠢᠵᠢᠲ᠋ᠠᠯ ᠬᠥᠳᠡᠭᠡ ᠲᠣᠰᠬᠤᠨ ᠢ | ᠪᠦᠲᠦᠭᠡᠨ ᠪᠠᠶᠢᠭᠤᠯᠤᠨ᠎ᠠ ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ ᠃ | ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠂ ᠠᠵᠢᠯ ᠣᠯᠭᠤᠯᠲᠠ ᠶᠢ ᠨᠡᠮᠡᠭᠳᠡᠭᠦᠯᠬᠦ ᠂ ᠤᠯᠠᠨ ᠤᠯᠤᠰ ᠤᠨ ᠥᠷᠢᠰᠦᠯᠳᠦᠭᠡᠨ ᠳᠤᠮᠳᠠ | ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ ᠂ ᠳ᠋ᠠᠶᠢᠲ᠋ᠠ ᠶᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ ᠠᠬᠢᠭᠤᠯᠤᠨ᠎ᠠ ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ | ᠪᠦᠲᠦᠭᠡᠨ ᠪᠠᠶᠢᠭᠤᠯᠵᠤ ᠂ ᠪᠦᠭᠦ ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ ᠂ ᠪᠤᠳᠤᠬᠤ ᠬᠦᠴᠦᠨ ᠤ ᠠᠵᠤ | ᠦᠢᠯᠡᠰ ᠤᠨ ᠠᠮᠢ ᠠᠬᠤᠢ ᠶᠢ ᠪᠤᠶᠢᠵᠢᠭᠤᠯᠤᠨ᠎ᠠ ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ | ᠬᠥᠭᠵᠢᠯᠲᠡ ᠳᠤ ᠡᠨᠧᠷᠭᠢ ᠣᠯᠭᠤᠵᠤ ᠂ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠃ | ︵ ᠬᠤᠶᠠᠷ ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠂ ᠰᠢᠨᠵᠢᠯᠡᠬᠦ ᠤᠬᠠᠭᠠᠨ ᠮᠡᠷᠭᠡᠵᠢᠯ ᠤᠨ | ᠬᠦᠴᠦᠷᠬᠡᠭ ᠤᠯᠤᠰ ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ | ᠠᠬᠢᠭᠤᠯᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢ ᠨᠢᠭᠡ | ᠴᠣᠭᠴᠠᠵᠢᠭᠤᠯᠤᠨ ᠪᠠᠶᠢᠷᠢᠯᠠᠭᠤᠯᠤᠨ ᠬᠡᠷᠡᠭᠵᠢᠭᠦᠯᠵᠦ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠪᠦᠭᠦ ᠲᠠᠯ᠎ᠠ ᠪᠠᠷ ᠲᠤᠭᠤᠰᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ | ᠪᠤᠯᠭᠠᠬᠤ ᠶᠢ ᠪᠠᠷᠢᠮᠲᠠᠯᠠᠨ᠎ᠠ ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ᠶᠢ ᠲᠣᠭᠲᠠᠭᠠᠨ | ᠬᠡᠷᠡᠭᠵᠢᠭᠦᠯᠦᠨ᠎ᠡ ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ ᠂ ᠶᠡᠭᠡ ᠰᠤᠷᠭᠠᠭᠤᠯᠢ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠲᠦᠷᠭᠡᠳᠬᠡᠵᠦ ᠂ ᠬᠥᠳᠡᠭᠡ ᠲᠤᠰᠬᠤᠨ ᠤ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠤᠨ ᠂ ︽ ᠬᠤᠶᠠᠷ ᠢ ᠬᠥᠩᠭᠡᠷᠡᠭᠦᠯᠬᠦ ︾ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ | ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ ᠂ ᠰᠢᠶᠠᠨ ᠤ ᠪᠦᠰᠡ ᠶᠢᠨ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢᠨ | ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠦᠨ᠎ᠡ ᠃ ᠣᠨᠴᠠᠭᠠᠶ ᠰᠤᠷᠭᠠᠨ ᠬᠥᠮᠦᠵᠢᠯ ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ ᠂ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢ ᠬᠡᠷᠡᠭᠵᠢᠭᠦᠯᠵᠦ ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠂ | ᠳᠤᠮᠳᠠᠳᠤ ᠤᠯᠤᠰ ᠤᠨ ᠣᠨᠴᠠᠯᠢᠭ ᠪᠦᠬᠦᠢ ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠯᠡᠨ | ᠪᠠᠶᠢᠭᠤᠯᠵᠤ ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢ ᠬᠦᠴᠦᠷᠬᠡᠭᠵᠢᠭᠦᠯᠦᠨ ᠪᠠᠶᠢᠭᠤᠯᠵᠤ ᠂ ᠳᠤᠮᠳᠠ ᠬᠡᠰᠡᠭ ᠪᠠ | ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ ᠃ ᠰᠤᠷᠤᠬᠴᠢ ᠶᠢᠨ | ᠰᠡᠳᠬᠢᠴᠡ ᠶᠢᠨ ᠡᠷᠡᠭᠦᠯ ᠮᠡᠨᠲᠦ ᠶᠢᠨ ᠬᠥᠮᠦᠵᠢᠯ ᠢ ᠴᠢᠩᠭᠠᠳᠬᠠᠨ᠎ᠠ ᠃ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ ᠃ ᠰᠤᠷᠭᠠᠨ ᠬᠥᠮᠥᠵᠢᠯᠲᠡᠨ ᠤ | ᠵᠣᠷᠢᠭ ᠰᠠᠨᠠᠭ᠎ᠠ ᠶᠢ ᠪᠠᠳᠠᠷᠠᠭᠤᠯᠵᠤ ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ ᠃ ᠪᠢᠳᠡ ᠰᠤᠷᠭᠠᠨ ᠬᠥᠮᠦᠵᠢᠯ ᠢ | ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ ᠂ ᠠᠷᠠᠳ ᠲᠦᠮᠡᠨ ᠤ ᠵᠣᠯ ᠵᠢᠷᠭᠠᠯ ᠤᠨ | ᠦᠨᠳᠦᠰᠦ ᠶᠢ ᠪᠠᠲᠤᠳᠬᠠᠨ ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠲᠦᠷᠭᠡᠯᠡᠨ ᠠᠬᠢᠭᠤᠯᠤᠨ᠎ᠠ ᠃ ᠰᠢᠨ᠎ᠡ | ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠦᠨ᠎ᠡ ᠃ ᠰᠠᠭᠤᠷᠢ ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ | ᠭᠠᠵᠠᠷ ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠠᠮᠵᠢᠵᠤ ᠂ ᠤᠤᠭᠠᠯ ᠰᠢᠨ᠎ᠡ ᠶᠢ | ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠬᠠᠷᠠᠭᠠᠯᠠᠵᠤ ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ ᠃ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠂ ᠨᠡᠶᠢᠭᠡᠮ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠭᠤᠯᠵᠤ ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ ᠰᠢᠢᠳᠪᠦᠷᠢᠯᠡᠬᠦ ᠶᠢ ᠠᠬᠢᠭᠤᠯᠵᠤ ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠬᠤᠰᠢᠭᠤᠷᠠᠯ | ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ ᠃ ᠤᠯᠤᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠎ᠠ ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ | ᠲᠦᠷᠭᠡᠳᠬᠡᠵᠦ ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ | ᠤᠶᠠᠯᠳᠤᠭᠤᠯᠬᠤ ᠶᠢ ᠭᠦᠨᠵᠡᠭᠡᠶᠢᠷᠡᠭᠦᠯᠵᠦ ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ | ᠲᠦᠷᠦᠭᠦᠯᠡᠨ ᠬᠡᠷᠡᠭᠵᠢᠭᠦᠯᠬᠦ ᠶᠢ ᠳᠡᠮᠵᠢᠨ᠎ᠡ ᠃ ᠡᠷᠡᠭᠦᠯ ᠮᠡᠨᠳᠦ ᠂ ᠨᠠᠰᠤᠵᠢᠯ ᠤᠨ ᠠᠰᠠᠷᠠᠮᠵᠢ ᠂ ᠵᠡᠮᠳᠡᠭᠴᠦᠳ ᠢ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ | ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ | ᠲᠦᠷᠭᠡᠯᠡᠨ ᠪᠤᠢ ᠪᠤᠯᠭᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ ᠲᠤᠩᠬᠠᠭ ᠨᠡᠶᠢᠲᠡᠯᠡᠨ ᠮᠠᠩᠯᠠᠶᠢᠯᠠᠭᠴᠢ | ᠡᠯᠰᠡᠬᠦ ︾ ᠲᠣᠭᠲᠠᠴᠠ ᠶᠢ ᠪᠦᠷᠢᠨᠰᠢᠭᠦᠯᠦᠨ᠎ᠡ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ ᠃ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ ᠃ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ ᠂ ᠰᠢᠨᠵᠢᠯᠡᠬᠦ ᠤᠬᠠᠭᠠᠨᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠨ᠎ᠠ ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠥᠷᠭᠡᠳᠬᠡᠵᠦ ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ ᠃ | | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ ᠃ ᠨᠠᠩ ᠢᠳᠡᠪᠬᠢᠲᠡᠢ ᠂ ᠨᠠᠩ ᠨᠡᠭᠡᠭᠡᠯᠲᠡᠲᠡᠢ ᠂ ᠨᠠᠩ ᠪᠦᠲᠦᠮᠵᠢᠲᠡᠶ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠴᠢᠳᠠᠪᠤᠷᠢᠲᠠᠨ ᠢ ᠴᠤᠭᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ | ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠦᠲᠦᠭᠡᠨ | ᠪᠠᠶᠢᠭᠤᠯᠵᠤ ᠂ ᠨᠡᠩ ᠣᠯᠠᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠢ | ᠴᠢᠷᠮᠠᠶᠢᠨ ᠬᠥᠮᠥᠵᠢᠭᠦᠯᠦᠨ ᠪᠤᠢ ᠪᠤᠯᠭᠠᠵᠤ ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ ᠂ ᠰᠢᠯᠭᠠᠷᠠᠭᠰᠠᠨ ᠢᠨᠵᠧᠨᠧᠷ ᠪᠠ ᠤᠷ᠎ᠠ | ᠴᠢᠳᠠᠪᠤᠷᠢ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠤᠨ᠎ᠠ ᠃ ᠰᠢᠨ᠎ᠡ ᠶᠢ ᠡᠭᠦᠳᠬᠦ ᠦᠷᠳᠡᠭ ᠂ ᠴᠢᠳᠠᠪᠤᠷᠢ ᠂ ᠬᠤᠪᠢ | ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ ᠂ ᠠᠵᠢᠯ ᠠᠮᠢᠳᠤᠷᠠᠯ ᠤᠨ ᠪᠠᠲᠤᠯᠠᠭ᠎ᠠ ᠪᠠ ᠬᠥᠬᠢᠭᠦᠯᠦᠨ | ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠨ ᠴᠢᠷᠮᠠᠶᠢᠵᠤ ᠂ ᠬᠥᠮᠥᠨ ᠪᠣᠯᠭᠠᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠃ | ︵ ᠭᠤᠷᠪᠠ ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ ᠃ | ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠤᠨ ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ ᠨᠢᠭᠡᠳᠦᠯᠲᠡᠢ | ᠲᠥᠯᠥᠪᠯᠡᠵᠦ ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ ᠃ | ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ ᠃ ᠣᠷᠣᠯᠭ᠎ᠠ ᠶᠢ ᠨᠡᠮᠡᠭᠳᠡᠭᠦᠯᠬᠦ ᠂ ᠬᠠᠩᠭᠠᠯᠭ᠎ᠠ ᠶᠢ ᠰᠢᠯᠢᠳᠡᠭᠵᠢᠭᠦᠯᠬᠦ ᠂ ᠬᠢᠵᠠᠭᠠᠷᠯᠠᠯ ᠤᠨ | ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ | ᠬᠥᠭᠵᠢᠭᠡᠨ᠎ᠡ ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ ᠂ ᠳ᠋ᠢᠵᠢᠲ᠋ᠠᠯ ᠬᠡᠷᠡᠭᠯᠡᠭᠡ ᠂ ᠨᠣᠭᠤᠭᠠᠨ ᠬᠡᠷᠡᠭᠯᠡᠭᠡ ᠂ ᠡᠷᠡᠭᠦᠯ ᠮᠡᠨᠳᠦ ᠶᠢᠨ | ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠤᠶᠤᠯᠢᠭ ᠭᠡᠷ ᠦᠷᠦᠭᠡ ᠂ ᠰᠣᠶᠣᠯ ᠴᠡᠩᠭᠡᠯ ᠵᠢᠭᠤᠯᠴᠢᠯᠠᠯ ᠂ ᠪᠡᠶ᠎ᠡ ᠶᠢᠨ ᠲᠠᠮᠢᠷ ᠤᠨ | ᠤᠷᠤᠯᠳᠤᠭᠠᠨ ᠂ ᠤᠯᠤᠰ ᠤᠨ ᠪᠠᠷᠠᠭ᠎ᠠ ︽ ᠭᠠᠩᠭᠠᠩ ᠲᠠᠸᠠᠷ ︾ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠤᠨ᠎ᠠ ᠃ ᠤᠯᠠᠮᠵᠢᠯᠠᠯᠲᠤ | ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ ᠂ | ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠂ ᠡᠯᠧᠺᠳ᠋ᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ | ᠬᠥᠭᠵᠢᠭᠡᠨ᠎ᠡ ᠃ ᠨᠠᠰᠤᠵᠢᠯ ᠤᠨ ᠠᠰᠠᠷᠠᠮᠵᠢ ᠂ ᠨᠢᠯᠬ᠎ᠠ ᠬᠡᠦᠬᠡᠳ ᠪᠤᠶᠢᠵᠢᠭᠤᠯᠬᠤ ᠂ ᠭᠡᠷ ᠠᠬᠤᠢ ᠵᠡᠷᠭᠡ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ ᠃ ᠬᠡᠷᠡᠭᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠵᠦ ᠂ ︽ ᠬᠡᠷᠡᠭᠯᠡᠭᠡ ᠶᠢ ᠠᠬᠢᠭᠤᠯᠬᠤ ᠣᠨ ︾ ᠤ ᠠᠵᠢᠯᠯᠠᠭ᠎ᠠ ᠶᠢ ᠥᠷᠨᠢᠭᠦᠯᠵᠦ ᠂ ︽ ᠰᠠᠨᠠᠭ᠎ᠠ ᠠᠮᠤᠷ ᠬᠡᠷᠡᠭᠯᠡᠭᠡᠨ ᠤ ᠠᠵᠢᠯᠯᠠᠭ᠎ᠠ ︾ ᠶᠢ | ᠬᠡᠷᠡᠭᠵᠢᠭᠦᠯᠦᠨ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠵᠤ ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ ᠃ | ᠪᠠᠷᠢᠮᠵᠢᠶ᠎ᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ | ᠲᠦᠷᠭᠡᠯᠡᠨ ᠪᠠᠶᠢᠭᠤᠯᠵᠤ ᠂ ᠲᠠᠸᠠᠷ ᠪᠠ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠤ ᠂ ᠠᠷᠠᠳ ᠣᠯᠠᠨ ᠤ | ᠠᠮᠢᠳᠤᠷᠠᠯ ᠢᠶᠠᠨ ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠬᠡᠷᠡᠭᠲᠡᠢ ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ ᠲᠣᠮᠣᠷᠠᠭᠤᠯᠬᠤ | ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠂ | ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ | ᠭᠤᠣᠯᠳᠠᠯᠭ᠎ᠠ ᠲᠠᠢ ᠳᠡᠮᠵᠢᠵᠦ ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ ᠪᠠᠭᠤᠷᠠᠢ ᠬᠦᠷᠢᠶᠡᠨ ᠤ ᠳᠤᠲᠠᠭᠤᠳᠠᠯ ᠢ ᠨᠥᠬᠦᠪᠦᠷᠢᠯᠡᠬᠦ ᠶᠢ | ᠴᠢᠩᠭᠠᠳᠬᠠᠵᠤ ᠂ ᠦᠶᠡᠷ ᠢ ᠰᠡᠷᠭᠡᠶᠢᠯᠡᠬᠦ ᠤᠰᠤᠳᠤᠯ ᠢ ᠠᠷᠢᠯᠭᠠᠬᠤ ᠭᠠᠮᠰᠢᠭ ᠢ ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ ᠂ ᠡᠯ᠎ᠡ ᠲᠥᠷᠥᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ | ᠬᠢᠬᠦ ᠶᠢ ᠠᠬᠢᠭᠤᠯᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠲᠦᠷᠭᠡᠯᠡᠨ | ᠬᠡᠷᠡᠭᠵᠢᠭᠦᠯᠦᠨ᠎ᠡ ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ ᠲᠣᠬᠢᠷᠠᠭᠤᠯᠬᠤ ᠪᠠᠷ | ᠲᠥᠯᠥᠪᠯᠡᠵᠦ ᠪᠠᠶᠢᠨ᠎ᠠ ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠬᠢᠬᠦ ᠬᠦᠷᠢᠶ᠎ᠡ | ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ ᠂ ᠲᠤᠭ᠎ᠠ ᠬᠡᠮᠵᠢᠶᠡᠨ ᠤ ᠬᠤᠪᠢᠶᠠᠷᠢᠯᠠᠯᠲᠠ ᠶᠢ ᠲᠥᠰᠥᠯ ᠤᠨ | ᠪᠡᠯᠡᠳᠬᠡᠯ ᠢᠶᠠᠷ ᠭᠦᠢᠴᠡᠳ ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ ᠨᠡᠯᠢᠶᠡᠳ ᠥᠨᠳᠥᠷ ᠭᠠᠵᠠᠷ ᠣᠷᠣᠨ ᠲᠡᠶᠢᠰᠢ ᠬᠡᠯᠪᠠᠶᠢᠯᠭᠡᠨ᠎ᠡ ᠃ ᠡᠯ᠎ᠡ ᠲᠥᠷᠥᠯ ᠤᠨ | ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ ᠂ ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠰᠡᠷᠭᠡᠶᠢᠯᠡᠨ᠎ᠡ ᠃ | ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠠᠷᠠᠳ ᠤᠨ ᠪᠡᠯᠡ ᠣᠷᠣᠭᠤᠯᠤᠯᠲᠠ ᠶᠢ ᠬᠦᠴᠦᠯᠡᠨ | ᠲᠣᠭᠲᠠᠪᠤᠷᠢᠵᠢᠭᠤᠯᠤᠨ ᠥᠷᠭᠡᠳᠬᠡᠵᠦ ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ ᠂ ᠵᠠᠰᠠᠭ ᠤᠨ ᠣᠷᠳᠣᠨ ᠪᠣᠯᠣᠨ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ ᠂ ᠠᠷᠠᠳ ᠤᠨ ᠬᠥᠷᠥᠩᠭᠡ ᠶᠢᠨ ᠴᠢᠬᠤᠯᠠ ᠶᠡᠭᠡ ᠲᠥᠰᠥᠯ ᠤᠨ ᠪᠦᠲᠦᠭᠡᠨ | ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ ᠃ ᠡᠯ᠎ᠡ ᠵᠦᠢᠯ ᠤᠨ ᠬᠠᠯᠬᠠᠪᠴᠢ ᠶᠢ ᠤᠯᠠᠮ ᠨᠢᠭᠡ ᠠᠯᠬᠤᠮ ᠡᠪᠳᠡᠵᠦ ᠂ ᠠᠷᠠᠳ ᠤᠨ ᠪᠡᠯᠡ | ᠣᠷᠣᠭᠤᠯᠤᠯᠲᠠ ᠶᠢ ᠨᠡᠩ ᠣᠯᠠᠨ ᠬᠦᠷᠢᠶᠡᠨ ᠳᠤ ᠣᠷᠣᠵᠤ ᠢᠷᠡᠵᠦ ᠳᠡᠶᠢᠯᠭᠦ ᠂ ᠬᠥᠭᠵᠢᠵᠦ ᠳᠡᠶᠢᠯᠭᠦ ᠂ ᠦᠢᠯᠡᠰ ᠪᠦᠲᠦᠭᠡᠵᠦ ᠳᠡᠶᠢᠯᠭᠦ ᠪᠣᠯᠭᠠᠨ᠎ᠠ ᠃ | ︵ ᠳᠥᠷᠪᠡ ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠨ᠎ᠠ ᠃ | ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ ᠂ ᠡᠬᠢ | ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ ᠂ ᠵᠠᠰᠠᠭ ᠤᠨ | ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢ ᠪᠠᠷ ᠵᠠᠰᠠᠭᠰᠠᠨ ᠂ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠤᠢ ᠪᠤᠯᠭᠠᠵᠤ ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ | ᠠᠬᠢᠭᠤᠯᠤᠨ᠎ᠠ ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ | ᠬᠦᠴᠦᠨ ᠮᠥᠨ ᠃ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ ᠥᠷᠢᠰᠦᠯᠳᠦᠨ ᠂ ᠮᠥᠴᠡᠭᠡᠷᠬᠡᠨ ᠬᠥᠭᠵᠢᠬᠦ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ ᠃ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠭᠤᠣᠯ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠂ | ᠭᠤᠣᠯᠯᠠᠬᠤ ᠴᠢᠳᠠᠮᠵᠢ ᠶᠢ ᠴᠢᠩᠭᠠᠷᠠᠭᠤᠯᠤᠨ ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠤᠯᠤᠰ ᠤᠨ ᠥᠮᠴᠢᠯᠡᠯ ᠤᠨ ᠠᠵᠤ ᠠᠬᠤᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ ᠃ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠂ ᠡᠯᠧᠮᠧᠨ᠋ᠲ ᠢ ᠣᠯᠬᠤ ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠂ ᠡᠷᠬᠡ ᠠᠰᠢᠭ ᠢ ᠬᠠᠮᠠᠭᠠᠯᠠᠬᠤ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠨ᠎ᠠ ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠂ | ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ ᠃ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ | ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠭᠠᠪᠰᠢᠭᠠᠶᠢᠯᠠᠵᠤ | ᠵᠣᠷᠢᠭᠲᠠᠢ ᠪᠠᠷ ᠪᠡᠯᠡ ᠤᠷᠤᠭᠤᠯᠬᠤ ᠂ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ ᠶᠢ ᠲᠣᠭᠲᠠᠭᠠᠨ᠎ᠠ ᠃ ᠥᠮᠴᠢᠯᠡᠬᠦ ᠡᠷᠬᠡ ᠶᠢᠨ ᠬᠠᠮᠠᠭᠠᠯᠠᠯᠲᠠ ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠂ ᠭᠤᠤᠯᠴᠢ ᠥᠷᠢᠰᠦᠯᠳᠦᠭᠡᠨ ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ ᠳᠦᠷᠢᠮᠯᠡᠯ ᠤᠨ ᠨᠢᠭᠡᠳᠦᠯᠲᠡᠢ ᠪᠠᠶᠢᠬᠤ ᠶᠢ | ᠬᠦᠴᠦᠯᠡᠨ ᠠᠬᠢᠭᠤᠯᠤᠨ᠎ᠠ ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠦᠨ᠎ᠡ ᠃ | ᠭᠤᠤᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠵᠦ ᠂ ᠭᠤᠣᠯᠳᠠᠯᠭ᠎ᠠ ᠲᠠᠢ ᠬᠦᠷᠢᠶ᠎ᠡ ᠂ ᠰᠢᠨ᠎ᠡ ᠪᠠᠷ | ᠬᠥᠭᠵᠢᠭᠰᠡᠨ ᠬᠦᠷᠢᠶ᠎ᠡ ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ ᠃ ᠣᠷᠣᠨ ᠨᠤᠲᠤᠭ ᠤᠨ | ᠬᠠᠮᠠᠭᠠᠯᠠᠯᠲᠠ ᠂ ᠵᠠᠬ᠎ᠠ ᠳᠡᠯᠭᠡᠭᠦᠷ ᠤᠨ ᠬᠡᠰᠡᠭᠯᠡᠯ ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ ᠲᠣᠪᠤᠶᠢᠮ᠎ᠠ | ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ | ᠬᠠᠮᠢᠶᠠᠷᠤᠯᠲᠠ ᠶᠢ ᠴᠢᠩᠭᠠᠳᠬᠠᠨ᠎ᠠ ᠃ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ ᠂ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠨ᠎ᠠ ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ ᠃ ᠰᠢᠨ᠎ᠡ ᠨᠢᠭᠡᠨ ᠡᠭᠡᠯᠵᠢ ᠶᠢᠨ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠨ᠎ᠠ ᠃ ᠴᠠᠭᠢᠯᠭᠠᠨ ᠬᠦᠴᠦ ᠂ ᠲᠣᠰᠣ ᠬᠡᠢ ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ ᠃ | ᠤᠷᠤᠯᠭ᠎ᠠ ᠶᠢᠨ ᠬᠤᠪᠢᠶᠠᠷᠢᠯᠠᠯᠲᠠ ᠂ ᠨᠡᠶᠢᠭᠡᠮ ᠤᠨ ᠪᠠᠲᠤᠯᠠᠭ᠎ᠠ ᠂ ᠡᠮ ᠡᠮᠨᠡᠯᠭᠡ ᠡᠷᠡᠭᠦᠯ ᠬᠠᠮᠠᠭᠠᠯᠠᠯ ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ | ︵ ᠲᠠᠪᠤ ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ ᠃ | ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ ᠂ | ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ ᠃ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ ᠃ ᠭᠠᠳᠠᠭᠠᠳᠤ ᠣᠷᠤᠭᠤᠯᠤᠯᠲᠠ ᠭᠠᠳᠠᠭᠠᠳᠤ | ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ ᠂ ᠬᠢᠯᠢ ᠠᠯᠤᠰᠯᠠᠨ | ᠲᠠᠰᠤᠯᠦᠨ ᠪᠤᠳᠤᠬᠤ ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ ᠂ ᠠᠵᠤ ᠠᠬᠤᠶᠢᠯᠠᠯ ᠤᠨ | ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ | ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠪᠤᠯᠪᠠᠰᠤᠷᠠᠭᠤᠯᠬᠤ | ᠠᠷᠠᠯᠵᠢᠶ᠎ᠠ ᠶᠢᠨ ᠵᠡᠷᠭᠡ ᠲᠡᠰ ᠢ ᠳᠡᠪᠰᠢᠭᠦᠯᠬᠦ ᠶᠢ ᠳᠡᠮᠵᠢᠵᠦ ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠂ ᠨᠣᠭᠤᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ | ᠴᠡᠭ ᠢ ᠥᠷᠭᠡᠳᠬᠡᠨ᠎ᠡ ᠃ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ ᠃ ᠬᠢᠯᠢ ᠠᠯᠤᠰᠯᠠᠭᠰᠠᠨ | ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ ᠃ ᠦᠢᠯᠡᠴᠢᠯᠡᠭᠡᠨ ᠤ ᠠᠷᠠᠯᠵᠢᠶ᠎ᠠ ᠂ | ᠳ᠋ᠢᠵᠢᠲ᠋ᠠᠯ ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ ᠃ ᠳᠣᠲᠣᠭᠠᠳᠤ ᠭᠠᠳᠠᠭᠠᠳᠤ | ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠂ ᠭᠤᠸᠠᠩᠵᠧᠦ ᠶᠢᠨ ᠠᠷᠠᠯᠵᠢᠶᠠᠨ ᠤ | ᠴᠤᠭᠯᠠᠭᠠᠨ ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠰᠠᠶᠢᠲᠤᠷ | ᠡᠷᠭᠢᠯᠡᠨ᠎ᠡ ᠃ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ ᠂ ᠣᠶᠤᠨᠴᠢ ᠪᠣᠭᠤᠮᠲᠠ ᠶᠢ ᠪᠤᠢ ᠪᠤᠯᠭᠠᠵᠤ ᠂ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ ᠃ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ | ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ ᠂ ᠴᠠᠭᠢᠯᠭᠠᠨ ᠬᠤᠯᠪᠤᠭ᠎ᠠ ᠂ ᠡᠮᠨᠡᠯᠭᠡ ᠵᠡᠷᠭᠡ ᠦᠢᠯᠡᠴᠢᠯᠡᠭᠡᠨ ᠤ | ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠨ᠎ᠠ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ | ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠢ ᠥᠷᠭᠡᠳᠬᠡᠵᠦ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ ᠣᠷᠣᠭᠤᠯᠬᠤ ᠶᠢ | ᠵᠣᠷᠢᠭᠵᠢᠭᠤᠯᠤᠨ᠎ᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ ᠂ ᠪᠠᠷᠢᠮᠵᠢᠶ᠎ᠠ ᠲᠣᠭᠲᠠᠭᠠᠬᠤ ᠳᠤ ᠬᠠᠤᠯᠢ ᠶᠣᠰᠣᠭᠠᠷ ᠡᠷᠬᠡ ᠲᠡᠭᠰᠢ ᠪᠠᠷ | ᠣᠷᠤᠯᠴᠠᠬᠤ ᠶᠢ ᠪᠠᠲᠤᠯᠠᠵᠤ ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ ︽ ᠳᠤᠮᠳᠠᠳᠤ ᠤᠯᠤᠰ ᠲᠤ ᠪᠡᠯᠡ ᠤᠷᠤᠭᠤᠯᠬᠤ ︾ ᠨᠠᠷᠠᠲᠤ | ᠲᠡᠮᠳᠡᠭ ᠢ ᠪᠤᠶ ᠪᠣᠯᠭᠠᠨ᠎ᠠ ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ ᠠᠵᠢᠯᠯᠠᠬᠤ ᠂ ᠰᠤᠷᠤᠯᠴᠠᠬᠤ ᠂ ᠵᠢᠭᠤᠯᠴᠢᠯᠠᠬᠤ ᠳᠤ | ᠲᠦᠭᠦᠮ ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ ᠂ ᠲᠣᠭᠠᠴᠠᠭ᠎ᠠ ᠬᠢᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ ᠂ ᠨᠡᠭᠡᠭᠡᠨ ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠬᠦ ᠪᠠ ᠰᠢᠨ᠎ᠡ ᠶᠢ | ᠡᠭᠦᠳᠬᠦ ᠶᠢ ᠠᠬᠢᠭᠤᠯᠵᠤ ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠣᠯᠭᠠᠨ᠎ᠠ ᠃ | ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠃ ︽ ᠨᠢᠭᠡ | ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠨ᠎ᠠ ᠃ ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ ᠂ ᠨᠢᠭᠡ ᠪᠦᠯᠦᠭ ︽ ᠵᠢᠵᠢᠭ ᠠᠲᠠᠯ᠎ᠠ ᠭᠤᠶᠤ ︾ | ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠵᠦ ᠂ ᠳ᠋ᠢᠵᠢᠲ᠋ᠠᠯ ᠂ ᠨᠣᠭᠤᠭᠠᠨ ᠂ ᠰᠢᠨ᠎ᠡ ᠶᠢ ᠡᠭᠦᠳᠬᠦ ᠂ ᠡᠷᠡᠭᠦᠯ ᠮᠡᠨᠳᠦ ᠂ ᠰᠣᠶᠣᠯ ᠵᠢᠭᠤᠯᠴᠢᠯᠠᠯ ᠂ ᠶᠠᠳᠠᠭᠤ ᠶᠢ | ᠴᠥᠭᠡᠳᠬᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ | ᠵᠠᠮ ᠢ ᠲᠦᠷᠭᠡᠯᠡᠨ ᠪᠦᠲᠦᠭᠡᠨ ᠪᠠᠶᠢᠭᠤᠯᠤᠨ᠎ᠠ ᠃ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠨᠢᠭᠡᠨᠲᠡ ᠬᠦᠴᠦᠨ ᠲᠠᠢ | ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ | ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ ᠃ ᠳᠤᠮᠳᠠᠳᠤ ᠤᠯᠤᠰ – ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ ᠂ ︽ ᠳ᠋ᠢᠵᠢᠲ᠋ᠠᠯ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︾ ᠂ ︽ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ︾ ᠲᠤ ᠣᠷᠣᠬᠤ ᠶᠢ ᠠᠬᠢᠭᠤᠯᠤᠨ᠎ᠠ ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ | ᠲᠠᠯ᠎ᠠ ᠪᠠᠷ ᠭᠦᠨᠵᠡᠭᠡᠢ ᠣᠷᠣᠯᠴᠠᠵᠤ ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ ᠂ ᠬᠠᠮᠲᠤᠷᠠᠨ ᠠᠵᠢᠯᠯᠠᠵᠤ | ᠬᠠᠮᠲᠤ ᠪᠠᠷ ᠠᠰᠢᠭ ᠭᠥᠷᠳᠡᠭᠰᠡᠨ ᠨᠡᠩ ᠤᠯᠠᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠬᠦᠷᠲᠡᠭᠡᠨ᠎ᠡ ᠃ | ︵ ᠵᠢᠷᠭᠤᠭ᠎ᠠ ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ ᠂ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠨ᠎ᠠ ᠃ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ ᠂ | ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠂ ᠣᠷᠣᠨ | ᠨᠤᠲᠤᠭ ᠤᠨ ᠥᠷᠢ ᠥᠭᠴᠡᠭᠡ ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ ᠪᠠ ᠦᠨᠳᠦᠰᠦ | ᠰᠤᠷᠪᠤᠯᠵᠢ ᠠᠴᠠ ᠨᠢ ᠵᠠᠰᠠᠵᠤ ᠪᠠᠶᠢᠭᠠᠳ ᠠᠷᠢᠯᠭᠠᠵᠤ ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ ᠃ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ ᠃ ᠬᠦᠨᠳᠦ ᠶᠡᠭᠡ ᠲᠦᠭᠰᠢᠭᠦᠷᠢ ᠶᠢ ᠰᠢᠢᠳᠪᠦᠷᠢᠯᠡᠬᠦ | ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠰᠢᠢᠳᠪᠦᠷᠢᠯᠡᠬᠦ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ ᠃ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠳᠡᠮᠵᠢᠯᠭᠡ ᠦᠵᠡᠭᠦᠯᠵᠦ ᠂ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠃ ᠣᠷᠣᠨ ᠨᠤᠲᠤᠭ ᠤᠨ ᠥᠷᠢ | ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ ᠂ ᠥᠷᠢ ᠥᠭᠴᠡᠭᠡ ᠶᠢ ᠠᠷᠢᠯᠭᠠᠬᠤ ᠪᠦᠭᠦᠨ ᠢ | ᠬᠠᠮᠤᠷᠤᠭᠰᠠᠨ ᠲᠥᠰᠥᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠂ ᠬᠠᠳᠠᠭᠠᠯᠠᠯᠲᠠ ᠥᠷᠢ ᠥᠭᠴᠡᠭᠡᠨ ᠤ ᠲᠦᠭᠰᠢᠭᠦᠷᠢ ᠶᠢ ᠲᠣᠬᠢᠲᠠᠢ ᠠᠷᠢᠯᠭᠠᠵᠤ ᠂ | ᠰᠢᠨ᠎ᠡ ᠪᠠᠷ ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ ᠃ ᠵᠠᠷᠢᠮ ᠭᠠᠵᠠᠷ ᠣᠷᠣᠨ ᠤ ᠳᠤᠮᠳᠠ ᠵᠢᠵᠢᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ ᠃ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠬᠠᠷᠢᠴᠠᠭᠠᠨ ᠤ ᠬᠤᠪᠢᠷᠠᠯᠲᠠ ᠳᠤ ᠵᠣᠬᠢᠴᠠᠭᠤᠯᠤᠨ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ | ᠪᠠᠶᠢᠭᠤᠯᠤᠨ᠎ᠠ ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ ᠂ ᠲᠠᠸᠠᠷ ᠤᠨ ᠭᠡᠷ | ᠪᠠᠶᠢᠰᠢᠩ ᠤᠨ ᠬᠤᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠪᠠ ᠤᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ ᠃ ᠴᠢᠨᠠᠷ ᠰᠠᠶᠢᠲᠠᠢ | ᠬᠥᠭᠵᠢᠯᠲᠡ ᠯᠦᠭᠡ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠂ ᠪᠦᠭᠦ ᠰᠢᠰᠲ᠋ᠧᠮ ᠤᠨ | ᠣᠷᠣᠨ ᠨᠤᠲᠤᠭ ᠤᠨ ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ ᠂ ᠣᠷᠣᠨ ᠨᠤᠲᠤᠭ ᠤᠨ ᠪᠡᠯᠡ ᠲᠣᠬᠢᠷᠠᠭᠤᠯᠬᠤ | ᠲᠠᠪᠴᠠᠩ ᠤᠨ ᠭᠡᠯᠪᠡᠷᠢ ᠪᠠᠨ ᠬᠤᠪᠢᠷᠠᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠪᠦᠷᠢᠨᠰᠢᠭᠦᠯᠵᠦ ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠠᠮᠤ ᠪᠤᠳᠠᠭᠠᠨ ᠤ ᠦᠢᠯᠡᠳᠪᠦᠷᠢᠯᠡᠬᠦ | ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ | ᠲᠠᠯ᠎ᠠ ᠪᠠᠷ ᠪᠠᠬᠢᠵᠢᠭᠦᠯᠦᠨ᠎ᠡ ᠃ ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ | ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ ᠂ ᠲᠣᠰᠣ ᠬᠡᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ ᠃ ᠲᠣᠮᠣ ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ ᠂ | ᠭᠤᠣᠯᠳᠠᠯᠭ᠎ᠠ ᠲᠠᠢ ᠨᠥᠭᠡᠴᠡᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠲᠣᠣᠷ ᠰᠦᠯᠵᠢᠶ᠎ᠡ ᠂ ᠳ᠋ᠠᠶᠢᠲ᠋ᠠ ᠵᠡᠷᠭᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ | ᠪᠠᠶᠢᠳᠠᠯ ᠢ ᠪᠦᠲᠦᠮᠵᠢᠲᠡᠶ ᠬᠠᠮᠠᠭᠠᠯᠠᠵᠤ ᠂ ᠤᠯᠤᠰ ᠠᠷᠠᠳ ᠤᠨ ᠠᠵᠤ ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ ᠃ | ︵ ᠳᠣᠯᠤᠭ᠎ᠠ ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠪᠠᠨ ᠪᠠᠲᠤᠵᠢᠭᠤᠯᠵᠤ ᠂ ︽ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ ᠴᠡᠭᠴᠡᠯᠡᠨ ᠵᠠᠰᠠᠬᠤ ︾ ᠢᠨᠵᠧᠨᠧᠷᠢᠩ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠯᠬᠤᠮ | ᠳᠠᠷᠠᠭ᠎ᠠ ᠲᠠᠢ ᠪᠠᠷ ᠶᠠᠪᠤᠭᠳᠠᠭᠤᠯᠵᠤ ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ ᠠᠬᠢᠯᠲᠠ ᠲᠠᠢ ᠪᠤᠯᠬᠤ ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠃ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ ᠃ | ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ ᠂ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ ᠂ ᠲᠠᠯᠠᠪᠠᠢ | ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ | ᠳᠡᠭᠡᠭᠰᠢᠯᠡᠭᠦᠯᠵᠦ ᠂ ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ ᠃ | ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ | ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠬᠡᠵᠦ ᠂ ᠮᠠᠯ ᠠᠵᠤ ᠠᠬᠤᠢ ᠂ ᠵᠢᠭᠠᠰᠤᠨ ᠠᠵᠤ | ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ ᠃ ᠤᠰᠤ | ᠠᠷᠪᠢᠯᠠᠬᠤ ᠲᠠᠷᠢᠶᠠᠯᠠᠩ ᠂ ᠭᠠᠩ ᠬᠠᠭᠰᠠᠷᠠᠭᠠᠨ ᠳᠤ ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ ᠃ ᠡᠪᠡᠳᠴᠢᠨ ᠬᠤᠷᠣᠬᠠᠢ ᠶᠢᠨ ᠬᠥᠨᠥᠭᠡᠯ ᠪᠠ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠂ ᠲᠠᠷᠢᠶᠠᠯᠠᠩ ᠤᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ ᠂ ᠲᠠᠷᠢᠶᠠᠯᠠᠩ ᠤᠨ ᠮᠠᠰᠢᠨ ᠲᠣᠨᠣᠭᠯᠠᠯ ᠤᠨ | ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ ᠂ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ | ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠃ ᠮᠠᠨ ᠤ ᠡᠶᠢᠮᠦ ᠨᠢᠭᠡᠨ ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ ᠲᠣᠮᠣ ᠲᠠᠷᠢᠶᠠᠯᠠᠩ ᠤᠨ ᠦᠵᠡᠯᠲᠡ ᠂ ᠬᠠᠮ | ᠢᠳᠡᠭᠡᠨ ᠤ ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ ᠂ ᠬᠤᠭᠤᠯᠠ ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ | ᠥᠷᠭᠡᠳᠬᠡᠨ᠎ᠡ ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ ᠂ ᠬᠡᠪᠴᠢᠶᠡᠲᠦ ᠴᠢᠨᠠᠷᠲᠠᠢ ᠳᠠᠭᠢᠨ | ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ | ᠬᠥᠭᠵᠢᠭᠦᠯᠬᠦ ᠶᠢ ᠳᠡᠮᠵᠢᠵᠦ ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ ᠂ | ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ | ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ | ᠬᠥᠭᠵᠢᠯᠲᠡ ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ ᠪᠠᠬᠢᠵᠢᠭᠦᠯᠵᠦ ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠬᠦ᠋ᠢᠴᠡ ᠪᠣᠯᠭᠠᠨ᠎ᠠ ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ | ᠲᠠᠭᠢᠭᠠᠳ 30 ᠵᠢᠯ ᠤᠷᠲᠤᠳᠬᠠᠬᠤ ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ ᠃ ᠬᠠᠮᠲᠤ ᠶᠢᠨ ᠥᠮᠴᠢᠯᠡᠯ ᠤᠨ ᠡᠷᠬᠡ ᠂ ᠬᠠᠮᠲᠤ ᠶᠢᠨ ᠣᠢ ᠰᠢᠭᠤᠢ ᠶᠢᠨ | ᠡᠷᠬᠡ ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠥᠳᠡᠭᠡ | ᠲᠣᠰᠬᠤᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠶᠢ ᠪᠣᠳᠣᠯᠬᠢᠯᠠᠨ ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ ᠂ ᠰᠢᠨ᠎ᠡ ᠭᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ ᠂ ᠬᠥᠳᠡᠭᠡ ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ ᠰᠠᠶᠢᠲᠤᠷ | ᠬᠡᠷᠡᠭᠯᠡᠨ᠎ᠡ ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ ᠂ ᠬᠥᠳᠡᠭᠡ ᠲᠤᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ | ᠠᠬᠢᠭᠤᠯᠤᠨ᠎ᠠ ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ | ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ ᠂ ᠴᠠᠭᠢᠯᠭᠠᠨ ᠴᠡᠨᠡᠭᠯᠡᠬᠦ ᠱᠣᠩ ᠂ | ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠂ ᠢᠯᠡᠭᠡᠯᠲᠡ ᠬᠦᠷᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ ᠂ ᠬᠥᠳᠡᠭᠡ ᠲᠣᠰᠬᠤᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ | ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ | ︵ ᠨᠠᠢᠮᠠ ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ ᠂ ᠠᠵᠤ ᠠᠬᠤᠢ ᠶᠢᠨ | ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ ᠂ | ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠂ ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ | ᠪᠠᠶᠢᠭᠤᠯᠤᠨ᠎ᠠ ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ ᠃ ᠮᠠᠨ ᠤ ᠤᠯᠤᠰ ᠤᠨ ᠬᠤᠲᠠ | ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ ᠳᠡᠭᠡᠭᠰᠢᠯᠡᠯᠲᠡ ᠶᠢᠨ ᠣᠷᠣᠨ ᠵᠠᠢ ᠪᠠᠶᠢᠨ᠎ᠠ ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ ᠂ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ | ᠠᠷᠠᠳ ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ ᠂ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠂ ︽ ᠬᠥᠮᠥᠨ ᠭᠠᠵᠠᠷ ᠵᠣᠭᠤᠰ ︾ ᠢ ᠬᠤᠯᠪᠣᠭᠳᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠡᠷᠦᠭᠡ ᠠᠮᠠ ᠪᠠᠨ ᠤᠷᠤᠭᠤᠯᠬᠤ | ᠬᠦᠰᠡᠯ ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ ᠂ ᠡᠷᠦᠭᠡ ᠠᠮᠠ ᠣᠷᠣᠭᠠᠳᠤᠢ ᠪᠠᠶᠢᠩᠭᠤ | ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ ᠃ | ᠰᠢᠶᠠᠨ ᠤ ᠪᠦᠰᠡ ᠶᠢᠨ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠵᠦ ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠵᠦ ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠬᠤᠯᠠ ᠠᠴᠢᠶᠠᠯᠠᠪᠤᠷᠢ ᠪᠣᠯᠭᠠᠨ᠎ᠠ ᠃ ᠬᠤᠳᠠ ᠶᠢᠨ ᠪᠥᠭᠡᠭᠡᠨᠡᠷᠡᠯ ᠂ | ᠶᠡᠭᠡ ᠬᠤᠳᠠ ᠶᠢᠨ ᠴᠠᠭᠠᠷᠢᠭ ᠢᠶᠠᠷ ᠲᠦᠰᠢᠭ ᠪᠤᠯᠭᠠᠬᠤ ᠶᠢ ᠴᠢᠬᠤᠯᠠᠴᠢᠯᠠᠵᠤ ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ ᠃ | ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ ᠂ ︽ ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ ᠪᠤᠯᠬᠤ ︾ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠤᠨ ᠂ ᠭᠠᠵᠠᠷ ᠳᠣᠣᠷᠠᠬᠢ ᠬᠤᠭᠤᠯᠠᠢ ᠶᠢᠨ | ᠲᠣᠣᠷ ᠢ ᠲᠦᠷᠭᠡᠯᠡᠨ ᠲᠡᠭᠦᠯᠳᠡᠷᠵᠢᠭᠦᠯᠵᠦ ᠂ ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ ᠂ ᠲᠡᠷᠭᠡ ᠵᠣᠭᠰᠤᠭᠠᠬᠤ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠰᠠᠭᠠᠳ ᠦᠭᠡᠢ ᠣᠷᠴᠢᠨ ᠲᠣᠭᠤᠷᠢᠨ ᠂ ᠨᠠᠰᠤᠵᠢᠯᠳᠡ ᠳᠤ ᠲᠣᠬᠢᠷᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠂ ᠣᠶᠤᠨᠴᠢ ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠠᠷᠠᠳ ᠤᠯᠠᠨ ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ | ᠬᠡᠷᠡᠭᠲᠡᠢ ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ | ᠭᠦᠢᠴᠡᠳ ᠪᠠᠳᠠᠷᠠᠭᠤᠯᠵᠤ ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠢᠳᠡᠪᠬᠢᠲᠡᠢ ᠠᠭᠤᠰᠤᠨ ᠣᠷᠣᠬᠤ ᠪᠠ ᠦᠢᠯᠡᠴᠢᠯᠡᠨ᠎ᠡ ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ ᠂ ᠵᠡᠭᠦᠨ ᠬᠡᠰᠡᠭ ᠤᠨ ᠭᠠᠵᠠᠷ ᠣᠷᠣᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠵᠡᠭᠦᠨ ᠬᠤᠶᠢᠲᠤ ᠣᠷᠣᠨ ᠪᠣᠯᠣᠨ ᠳᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠪᠡᠭᠡᠵᠢᠩ ᠲᠢᠶᠠᠨᠵᠢᠨ | ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ | ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ | ᠰᠠᠶᠢᠨ ᠪᠠᠳᠠᠷᠠᠭᠤᠯᠬᠤ ᠶᠢ ᠲᠡᠮᠵᠢᠨ᠎ᠠ ᠃ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ | ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠨ᠎ᠠ ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠬᠤᠪᠢᠰᠬᠠᠯ ᠤᠨ ᠬᠠᠭᠤᠴᠢᠨ | ᠰᠠᠭᠤᠷᠢᠨ ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ ᠂ | ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠳᠠᠯᠠᠢ ᠲᠠᠩᠭᠢᠰ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ ᠃ | ︵ ᠶᠢᠰᠦ ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ | ᠠᠬᠢᠭᠤᠯᠤᠨ᠎ᠠ ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠶᠢ ᠥᠷᠭᠡᠳᠬᠡᠬᠦ ᠂ | ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ ᠃ | ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠂ ᠤᠰᠤᠨ ᠤ ᠣᠷᠴᠢᠨ ᠠᠬᠤᠢ ᠂ ᠤᠰᠤᠨ ᠤ ᠠᠮᠢ ᠠᠬᠤᠢ ᠶᠢᠨ | ᠵᠠᠰᠠᠯᠲᠠ ᠶᠢ ᠨᠢᠭᠡᠳᠦᠯᠲᠡᠢ ᠲᠥᠯᠥᠪᠯᠡᠵᠦ ᠂ ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠂ ᠰᠢᠨ᠎ᠡ ᠪᠣᠬᠢᠷᠲᠤᠭᠤᠯᠬᠤ ᠪᠣᠳᠠᠰ ᠂ ᠰᠦᠯᠢᠶᠥᠦ ᠶᠢᠨ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠎ᠠ ᠃ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ ᠂ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ ᠃ ︽ ᠭᠤᠷᠪᠠᠨ ᠤᠮᠠᠷᠠᠲᠤ ︾ ᠶᠢᠨ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ ᠳᠠᠶᠢᠨ ᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠴᠢᠬᠤᠯᠠ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠶᠢ ᠴᠢᠩᠭᠠᠳᠬᠠᠨ᠎ᠠ ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠦᠷᠭᠦᠯᠵᠢᠯᠡᠨ | ᠠᠬᠢᠭᠤᠯᠤᠨ᠎ᠠ ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ ᠃ ᠠᠮᠢ ᠠᠬᠤᠢ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ | ᠪᠦᠷᠢᠨᠰᠢᠭᠦᠯᠦᠨ ᠂ ᠡᠯ᠎ᠡ ᠲᠠᠯ᠎ᠠ ᠶᠢᠨ ᠬᠢᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ ᠃ | ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ ᠃ ᠠᠵᠤ ᠦᠢᠯᠡᠰ ᠤᠨ ᠪᠦᠲᠦᠴᠡ ᠂ ᠡᠨᠧᠷᠭᠢ ᠶᠢᠨ | ᠰᠤᠷᠪᠤᠯᠵᠢ ᠶᠢᠨ ᠪᠦᠲᠦᠴᠡ ᠂ ᠵᠠᠮ ᠲᠡᠭᠡᠭᠡᠪᠦᠷᠢ ᠶᠢᠨ ᠪᠦᠲᠦᠴᠡ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠭᠡᠯᠪᠡᠷᠢ ᠶᠢᠨ ᠨᠣᠭᠤᠭᠠᠨ | ᠬᠤᠪᠢᠷᠠᠭᠤᠯᠤᠯᠲᠠ ᠶᠢ ᠠᠬᠢᠭᠤᠯᠤᠨ᠎ᠠ ᠃ ᠪᠦᠭᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠭᠤᠣᠯᠳᠠᠯᠭ᠎ᠠ ᠲᠠᠢ | ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ ᠃ ᠨᠣᠭᠤᠭᠠᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠂ | ᠮᠥᠩᠭᠦᠨ ᠭᠦᠢᠯᠭᠡᠭᠡ ᠂ ᠪᠡᠯᠡ ᠣᠷᠤᠭᠤᠯᠤᠯᠲᠠ ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢ ᠲᠡᠭᠦᠯᠳᠡᠷᠵᠢᠭᠦᠯᠵᠦ ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ ᠂ ᠡᠨᠧᠷᠭᠢ ᠠᠷᠪᠢᠯᠠᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ ᠂ ᠨᠣᠭᠤᠭᠠᠨ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠯᠡᠨ ᠪᠤᠢ ᠪᠣᠯᠭᠠᠨ᠎ᠠ ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠵᠤ ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠥᠨᠳᠦᠷᠯᠢᠭ ᠭᠠᠵᠠᠷ ᠢ ᠪᠤᠢ ᠪᠣᠯᠭᠠᠨ᠎ᠠ ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ ᠃ ︽ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠷᠪᠠᠨ ᠶᠡᠭᠡ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠦᠷᠢᠳᠬᠡᠬᠦ ᠬᠢᠨᠠᠨ ᠪᠤᠳᠤᠬᠤ ᠬᠠᠷᠭᠤᠭᠤᠯᠤᠨ ᠪᠠᠶᠢᠴᠠᠭᠠᠬᠤ ᠴᠢᠳᠠᠪᠤᠷᠢ ᠶᠢ | ᠳᠡᠭᠡᠭᠰᠢᠯᠡᠭᠦᠯᠦᠨ ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ | ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ ᠂ | ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠵᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ | ᠪᠠᠶᠢᠭᠤᠯᠤᠨ᠎ᠠ ᠃ ᠰᠠᠯᠬᠢᠨ ᠬᠦᠴᠦᠨ ᠪᠠ ᠭᠡᠷᠡᠯ ᠢᠶᠠᠷ ᠴᠠᠭᠢᠯᠭᠠᠨ ᠭᠠᠷᠭᠠᠬᠤ ᠲᠣᠮᠣ ᠭᠡᠯᠪᠡᠷᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠵᠠᠮ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ ᠂ ᠲᠠᠷᠬᠠᠮᠠᠯ ᠮᠠᠶ᠋ᠢᠭ ᠤᠨ ᠡᠨᠧᠷᠭᠢ ᠶᠢᠨ ᠰᠤᠷᠪᠤᠯᠵᠢ ᠶᠢᠨ ᠨᠡᠭᠡᠭᠡᠨ ᠬᠥᠭᠵᠢᠭᠦᠯᠦᠯᠲᠡ ᠠᠰᠢᠭᠯᠠᠯᠲᠠ ᠶᠢ ᠠᠬᠢᠭᠤᠯᠵᠤ ᠂ ᠴᠠᠭᠢᠯᠭᠠᠨ | ᠲᠣᠣᠷ ᠤᠨ ᠡᠨᠧᠷᠭᠢ ᠶᠢ ᠴᠡᠪᠡᠷᠰᠢᠭᠦᠯᠬᠦ ᠶᠢ ᠭᠥᠯᠢᠶᠡᠨ ᠠᠪᠬᠤ ᠂ ᠲᠣᠬᠢᠷᠠᠭᠤᠯᠬᠤ ᠪᠠ ᠡᠵᠡᠮᠳᠡᠬᠦ ᠴᠢᠳᠠᠪᠤᠷᠢ ᠶᠢ ᠲᠡᠭᠡᠭᠰᠢᠯᠡᠭᠦᠯᠵᠤ ᠂ ᠰᠢᠨ᠎ᠡ ᠭᠡᠯᠪᠡᠷᠢ ᠶᠢᠨ ᠨᠥᠭᠡᠴᠡ | ᠡᠨᠧᠷᠭᠢ ᠶᠢ ᠬᠥᠭᠵᠢᠭᠦᠯᠦᠨ ᠂ ᠨᠣᠭᠤᠭᠠᠨ ᠴᠠᠭᠢᠯᠭᠠᠨ ᠢ ᠬᠡᠷᠡᠭᠯᠡᠬᠦ ᠪᠠ ᠣᠯᠠᠨ ᠤᠯᠤᠰ ᠤᠨ ᠬᠤᠭᠤᠷᠣᠨᠳᠤ ᠬᠠᠷᠢᠯᠴᠠᠨ ᠮᠡᠳᠡᠷᠡᠬᠦ ᠶᠢ ᠠᠬᠢᠭᠤᠯᠵᠤ ᠂ ᠨᠡᠭᠦᠷᠡᠰᠦ ᠂ | ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠨᠧᠷᠭᠢ ᠬᠡᠷᠡᠭᠯᠡᠬᠦ | ᠬᠡᠷᠡᠭᠴᠡᠭᠡ ᠶᠢ ᠦᠨᠡᠨ ᠬᠦ ᠪᠠᠲᠤᠯᠠᠨ᠎ᠠ ᠃ | ︵ ᠠᠷᠪᠠ ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠦᠨ᠎ᠡ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠦᠨᠳᠦᠰᠦᠨ ᠵᠦᠢᠯ ᠢ ᠪᠠᠲᠤᠯᠠᠬᠤ ᠂ | ᠬᠢᠵᠠᠭᠠᠷ ᠱᠤᠭᠤᠮ ᠢ ᠰᠠᠬᠢᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠷᠠᠳ ᠤᠨ | ᠰᠡᠳᠬᠢᠯ ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ ᠶᠢ ᠠᠪᠴᠤ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠠᠩ | ᠳᠣᠪᠤᠶᠢᠯᠭᠠᠵᠤ ᠂ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠦᠵᠡᠭᠦᠯᠭᠦ ᠳᠡᠮᠵᠢᠯᠭᠡ ᠶᠢ ᠴᠢᠩᠭᠠᠳᠬᠠᠨ ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠳᠬᠠᠨ᠎ᠠ ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠂ ᠲᠤᠰᠬᠠᠢ ᠵᠢᠭᠡᠯᠡᠯᠭᠡ ᠂ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ | ᠴᠢᠩᠭᠠᠳᠬᠠᠨ᠎ᠠ ᠃ ᠵᠢᠱᠢᠯᠲᠡ ᠪᠠᠷ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ 1170 ᠲᠦᠮᠡ ᠭᠠᠷᠤᠢ ᠬᠥᠮᠥᠨ ᠪᠤᠢ ᠂ ᠵᠠᠯᠠᠭᠤᠴᠤᠳ ᠤᠨ ᠠᠵᠢᠯ | ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠠᠵᠢᠯ ᠣᠯᠵᠤ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ | ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠃ ᠴᠡᠷᠢᠭ ᠤᠨ ᠠᠯᠪᠠ ᠠᠴᠠ ᠪᠠᠭᠤᠭᠰᠠᠳ ᠲᠤ ᠠᠵᠢᠯ ᠣᠯᠭᠤᠵᠤ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ ᠂ ᠬᠥᠯᠥᠰᠦᠨ ᠠᠵᠢᠯᠴᠢᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠠᠬᠢᠭᠤᠯᠵᠤ ᠂ ᠵᠡᠮᠳᠡᠭᠴᠦᠳ ᠵᠡᠷᠭᠡ ᠠᠵᠢᠯ ᠣᠯᠬᠤ ᠳᠤ ᠬᠦᠴᠢᠷᠲᠡᠢ | ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ ᠃ ᠠᠮᠢᠳᠤᠯᠢᠭ ᠢᠶᠠᠷ ᠠᠵᠢᠯ ᠣᠯᠬᠤ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠦᠯ | ᠬᠤᠪᠢᠶᠠᠨ ᠲᠡᠭᠦᠯᠳᠡᠷᠵᠢᠭᠦᠯᠵᠦ ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ | ᠥᠷᠭᠡᠳᠬᠡᠨ᠎ᠡ ᠃ ᠴᠢᠨᠠᠷ ᠤᠨ ᠢᠯᠭᠠᠯ ᠂ ᠨᠠᠰᠤ ᠵᠢᠯ ᠂ ᠰᠤᠷᠤᠯᠭ᠎ᠠ ᠶᠢᠨ ᠨᠠᠮᠲᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ ᠵᠠᠯᠠᠷᠠᠭᠤᠯᠵᠤ ᠂ ᠬᠥᠯᠥᠰᠦᠨ | ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠵᠤ ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠃ ᠲᠡᠷᠢᠭᠦᠨ ᠤ ᠦᠢᠯᠡᠳᠬᠦ ᠦᠢᠯᠡᠰ ᠂ ᠣᠲᠣ ᠦᠶ᠎ᠡ ᠶᠢᠨ ᠦᠢᠯᠡᠴᠢᠯᠡᠭᠡ ᠂ ᠨᠠᠰᠤᠵᠢᠯ ᠤᠨ | ᠠᠰᠠᠷᠠᠮᠵᠢ ᠬᠠᠷᠠᠭᠠᠯᠵᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠳᠤ ᠵᠣᠬᠢᠴᠠᠭᠤᠯᠤᠨ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠨ᠎ᠠ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ ᠂ ᠳᠤᠮᠳᠠ | ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ ᠬᠡᠪᠴᠢᠶ᠎ᠡ ᠶᠢ ᠥᠷᠭᠡᠳᠬᠡᠵᠦ ᠂ ᠣᠷᠣᠯᠭ᠎ᠠ ᠪᠠᠭᠠᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠬᠦ ᠶᠢ ᠴᠢᠷᠮᠠᠶᠢᠨ | ᠠᠬᠢᠭᠤᠯᠤᠨ᠎ᠠ ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ ᠃ ᠡᠮᠨᠡᠯᠭᠡ ᠶᠢᠨ ᠳᠠᠭᠠᠳᠬᠠᠯ ᠂ ᠡᠮᠴᠢᠯᠡᠭᠡ ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ | ᠪᠠ ᠵᠠᠰᠠᠬᠤ ᠶᠢ ᠠᠬᠢᠭᠤᠯᠤᠨ᠎ᠠ ᠃ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ ᠂ ᠤᠯᠤᠰ ᠠᠴᠠ | ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠦᠨ ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ | ᠪᠠᠶᠢᠩᠭᠤ ᠶᠢᠨ ᠴᠢᠨᠠᠷᠲᠠᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ | ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ ᠂ ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠠᠬᠢᠭᠤᠯᠤᠨ᠎ᠠ ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ | ᠦᠨᠳᠦᠰᠦᠨ ᠱᠠᠲᠤᠨ ᠳᠤ ᠪᠠᠭᠤᠯᠭᠠᠬᠤ ᠶᠢ ᠬᠥᠲᠥᠯᠥᠨ ᠵᠢᠯᠤᠭᠤᠳᠴᠤ ᠂ ᠰᠢᠶᠠᠨ ᠰᠢᠶᠠᠩ ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢᠨ ᠬᠠᠮᠵᠢᠯᠴᠠᠵᠤ | ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠵᠢᠭ ᠡᠪᠡᠳᠴᠢᠨ ᠂ ᠦᠷᠭᠦᠯᠵᠢ | ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠨ᠎ᠡ ᠃ ᠬᠤᠪᠣᠷ ᠲᠣᠬᠢᠶᠠᠯᠳᠤᠬᠤ ᠡᠪᠡᠳᠴᠢᠨ ᠤ ᠰᠤᠳᠤᠯᠭᠠᠨ ᠂ ᠣᠨᠣᠰᠢᠯᠠᠨ ᠡᠮᠨᠡᠬᠦ | ᠦᠢᠯᠡᠴᠢᠯᠡᠭᠡ ᠪᠠ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ ᠃ ᠬᠡᠦᠬᠡᠳ ᠤᠨ ᠰᠠᠯᠠᠭ᠎ᠠ ᠂ ᠨᠠᠰᠤᠲᠠᠶᠢᠴᠤᠳ ᠤᠨ ᠠᠨᠠᠭᠠᠬᠤ ᠤᠬᠠᠭᠠᠨ ᠂ ᠣᠶᠤᠨ ᠮᠡᠳᠡᠷᠡᠯ ᠤᠨ | ᠡᠷᠡᠭᠦᠯ ᠬᠠᠮᠠᠭᠠᠯᠠᠯ ᠂ ᠡᠮᠴᠢᠯᠡᠭᠡ ᠰᠤᠪᠢᠯᠠᠯᠲᠠ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ ᠂ ᠪᠦᠭᠦ ᠰᠠᠯᠠᠭᠠᠨ ᠤ ᠡᠮᠴᠢ ᠶᠢᠨ | ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨᠡᠴᠢᠯᠡᠬᠦ ᠶᠢ ᠠᠬᠢᠭᠤᠯᠵᠤ ᠂ ᠬᠢᠲᠠᠳ ᠡᠮᠨᠡᠯᠭᠡ ᠶᠢᠨ | ᠳᠠᠪᠠᠭᠤᠯᠢᠭ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ ᠃ ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ ᠂ ᠠᠷᠠᠳ ᠣᠯᠠᠨ ᠤ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ᠎ᠡ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ | ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠵᠦ ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠵᠦ ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠶᠢ | ᠲᠡᠭᠦᠯᠳᠡᠷᠵᠢᠭᠦᠯᠦᠨ᠎ᠡ ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠤᠯᠤᠰ ᠲᠤ ᠬᠡᠷᠡᠭᠵᠢᠭᠦᠯᠵᠦ ᠂ ᠭᠤᠷᠪᠠᠳᠤᠭᠠᠷ | ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ ᠃ ᠴᠡᠷᠢᠭ ᠤᠨ ᠠᠯᠪᠠ ᠠᠴᠠ ᠪᠠᠭᠤᠭᠰᠠᠳ ᠂ ᠴᠡᠷᠢᠭ ᠤᠨ ᠭᠡᠷ ᠪᠦᠯᠢ | ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ ᠡᠷᠴᠢᠮ ᠢ ᠴᠢᠩᠭᠠᠷᠠᠭᠤᠯᠤᠨ᠎ᠠ ᠃ ᠨᠠᠰᠤᠲᠠᠶᠢᠴᠤᠳ ᠤᠨ ᠬᠡᠷᠡᠭᠯᠡᠭᠡᠨ ᠤ ᠬᠡᠷᠡᠭᠰᠡᠯ ᠪᠠ ᠦᠢᠯᠡᠴᠢᠯᠡᠭᠡ ᠶᠢᠨ | ᠬᠠᠩᠭᠠᠯᠭ᠎ᠠ ᠶᠢ ᠴᠢᠩᠭᠠᠳᠬᠠᠵᠤ ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ ᠃ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠂ ᠦᠷᠡᠵᠢᠯ ᠤᠨ ᠠᠮᠠᠷᠠᠯᠲᠠ ᠶᠢᠨ | ᠳᠦᠷᠢᠮ ᠢ ᠰᠢᠯᠢᠳᠡᠭᠵᠢᠭᠦᠯᠵᠦ ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠠᠮᠲᠤ ᠪᠠᠷ ᠡᠭᠦᠷᠭᠡᠯᠡᠬᠦ | ᠲᠣᠭᠲᠠᠴᠠ ᠶᠢ ᠲᠡᠭᠦᠯᠳᠡᠷᠵᠢᠭᠦᠯᠵᠦ ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ ᠃ ᠭᠡᠷ ᠪᠦᠯᠢ ᠶᠢᠨ | ᠲᠥᠷᠦᠵᠦ ᠥᠰᠬᠡᠬᠦ ᠂ ᠥᠰᠬᠡᠨ ᠬᠥᠮᠥᠵᠢᠭᠦᠯᠬᠦ ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ ᠃ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ ᠃ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ | ᠪᠠ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠵᠤ ᠂ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ | ᠪᠠ ᠣᠷᠣᠯᠭ᠎ᠠ ᠪᠠᠭᠠᠲᠠᠢ ᠬᠥᠮᠥᠨ ᠠᠮᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠵᠦ ᠂ ᠠᠷᠠᠳ ᠤᠨ ᠠᠮᠢᠳᠤᠷᠠᠯ ᠤᠨ | ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠬᠢ ᠰᠦᠯᠵᠢᠨ᠎ᠡ ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠤᠨ᠎ᠠ ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ ᠃ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠂ ᠰᠣᠨᠢᠨ ᠮᠡᠳᠡᠭᠡᠯᠡᠯ ᠬᠡᠪᠯᠡᠯ ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠂ ᠤᠳᠬ᠎ᠠ ᠵᠣᠬᠢᠶᠠᠯ ᠤᠷᠠᠯᠢᠭ ᠪᠠ ᠲᠠᠩᠰᠠ ᠡᠪᠬᠡᠮᠡᠯ ᠵᠡᠷᠭᠡ ᠦᠢᠯᠡᠰ ᠢ | ᠬᠥᠭᠵᠢᠭᠦᠯᠦᠨ᠎ᠡ ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ ᠃ ᠤᠯᠤᠰ ᠤᠨ ᠰᠣᠶᠣᠯ ᠤᠨ | ᠳ᠋ᠢᠵᠢᠲ᠋ᠠᠯᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ ᠃ | ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ ᠂ ᠢᠳᠡᠪᠬᠢᠲᠡᠢ ᠂ ᠡᠷᠡᠭᠦᠯ ᠂ ᠥᠭᠡᠳᠡᠷᠬᠡᠭ ᠴᠠᠶᠢᠯᠭᠠᠨ ᠰᠦᠯᠵᠢᠶᠡᠨ ᠤ ᠰᠣᠶᠣᠯ ᠢ | ᠪᠤᠶᠢᠵᠢᠭᠤᠯᠤᠨ᠎ᠠ ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ ᠂ ᠣᠯᠠᠨ ᠨᠡᠶᠢᠲᠡ ᠶᠢᠨ ᠰᠣᠶᠣᠯ ᠤᠨ | ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ ᠃ ᠰᠣᠶᠣᠯ ᠤᠨ ᠠᠵᠤ ᠦᠢᠯᠡᠰ ᠢ ᠶᠡᠭᠡ ᠪᠠᠷ | ᠬᠥᠭᠵᠢᠭᠦᠯᠦᠨ᠎ᠡ ᠃ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ ᠂ ᠲᠡᠦᠬᠡ ᠶᠢᠨ | ᠳᠤᠷᠠᠰᠬᠠᠯᠲᠤ ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠴᠢᠩᠭᠠᠳᠬᠠᠨ᠎ᠠ ᠃ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ ᠃ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ | ᠳᠡᠯᠡᠬᠡᠢ ᠳᠤ ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ ᠃ 2024 | ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠵᠦ | ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ ᠬᠢᠨ᠎ᠡ ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ ᠪᠦᠲᠦᠭᠡᠨ | ᠪᠠᠶᠢᠭᠤᠯᠵᠤ ᠰᠠᠶᠢᠲᠤᠷ ᠬᠡᠷᠡᠭᠯᠡᠨ ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠠᠬᠢᠭᠤᠯᠤᠨ᠎ᠠ ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠣᠯᠠᠨ ᠨᠡᠶᠢᠲᠡ ᠶᠢᠨ | ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ | ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠲᠤᠳᠬᠠᠵᠤ ᠂ ᠪᠠᠴᠢᠮ ᠪᠠᠶᠢᠳᠠᠯ ᠢ ᠰᠡᠷᠭᠡᠶᠢᠯᠡᠬᠦ ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠲᠠᠢ ᠨᠠᠶᠢᠳᠠᠪᠤᠷᠢᠵᠢᠭᠤᠯᠵᠤ ᠂ ᠬᠦᠨᠳᠦ ᠶᠡᠭᠡ ᠣᠨᠴᠠ ᠶᠡᠭᠡ | ᠠ᠊ᠨᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ ᠃ ᠦᠶᠡᠷ ᠤᠰᠤᠳᠤᠯ ᠭᠠᠩ ᠬᠠᠭᠰᠠᠷᠠᠭᠠᠨ ᠂ ᠲᠠᠶᠢᠹᠧᠩ ᠰᠠᠯᠬᠢ ᠂ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠂ ᠭᠠᠵᠠᠷ ᠤᠨ ᠭᠠᠮᠰᠢᠭ ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ ᠂ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ ᠃ ᠢᠳᠡᠭᠡᠨ ᠤ ᠵᠦᠢᠯ ᠂ ᠡᠮ ᠤᠨ ᠵᠦᠢᠯ ᠂ ᠣᠨᠴᠠ ᠲᠥᠷᠥᠯ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ ᠃ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠬᠥᠮᠦᠯᠢᠭ ᠠᠪᠤᠷᠠᠨ ᠲᠤᠰᠠᠯᠠᠯᠲᠠ ᠂ ᠰᠠᠶᠢᠨ ᠳᠤᠷ᠎ᠠ ᠶᠢᠨ ᠦᠢᠯᠡᠴᠢᠯᠡᠭᠡ ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ | ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ ᠃ ᠡᠮᠡᠭᠲᠡᠶᠢᠴᠦᠳ ᠂ ᠬᠡᠦᠬᠡᠳ ᠂ ᠨᠠᠰᠤᠲᠠᠶᠢᠴᠤᠳ ᠂ ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ ᠃ ᠰᠢᠨ᠎ᠡ ᠴᠠᠭ ᠦᠶ᠎ᠡ ᠶᠢᠨ ︽ ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠵᠥᠷᠢᠴᠡᠯ | ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠵᠤ ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠨ᠎ᠠ ᠃ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠎ᠠ ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ ᠂ ᠬᠠᠷ᠎ᠠ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ ᠃ | ᠲᠥᠯᠥᠭᠡᠯᠡᠭᠴᠢᠳ ᠠ᠋ ︕ | ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ ᠃ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠨ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ ᠂ | ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ | ᠬᠠᠲᠠᠭᠤ ᠶᠣᠰᠣ ᠪᠤᠯᠭᠠᠬᠤ ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ ᠂ | ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠂ ᠰᠢᠨ᠎ᠡ ᠶᠢ ᠡᠭᠦᠳᠬᠦ ᠵᠠᠰᠠᠭ ᠤᠨ ᠣᠷᠳᠣᠨ ᠂ ᠠᠷᠢᠭᠤᠨ ᠴᠢᠬᠡᠴᠢ ᠵᠠᠰᠠᠭ ᠤᠨ | ᠣᠷᠳᠣᠨ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠵᠤ ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ | ᠪᠦᠭᠦ ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠎ᠠ ᠃ ᠠᠳᠠᠯᠢ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠨᠡᠶᠢᠭᠡᠮ ᠨᠡᠶᠢᠲᠡ ᠶᠢᠨ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ ᠃ ᠰᠢᠨᠵᠢᠯᠡᠬᠦ ᠤᠬᠠᠭᠠᠨᠴᠢ ᠪᠠᠷ ᠂ ᠠᠷᠠᠳᠴᠢᠯᠠᠯ ᠢᠶᠠᠷ ᠂ | ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ ᠂ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ ᠃ ᠵᠠᠰᠠᠭ ᠤᠨ ᠶᠠᠪᠤᠳᠠᠯ ᠢ ᠢᠯᠡ ᠪᠤᠯᠭᠠᠬᠤ ᠳᠦᠷᠢᠮ ᠢ | ᠲᠡᠭᠦᠯᠳᠡᠷᠵᠢᠭᠦᠯᠦᠨ᠎ᠡ ᠃ ᠬᠠᠤᠯᠢ ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ ᠃ ᠠᠵᠢᠯᠴᠢᠨ ᠤ ᠡᠪᠯᠡᠯ ᠂ | ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠤᠷᠲᠠᠯ ᠢ ᠲᠥᠪ | ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ ᠃ ᠵᠠᠰᠠᠭ ᠤᠨ ᠣᠷᠳᠣᠨ ᠤ ᠠᠵᠢᠯᠲᠠᠳ ᠬᠠᠤᠯᠢ | ᠴᠠᠭᠠᠵᠠ ᠰᠠᠬᠢᠯᠭ᠎ᠠ ᠪᠠᠲᠤ ᠶᠢ ᠰᠠᠬᠢᠵᠤ ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ ᠪᠠᠨ ᠭᠦᠢᠴᠡᠳᠬᠡᠨ ᠂ ᠴᠡᠪᠡᠷ | ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ ᠂ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ | ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠵᠤ ᠂ ᠵᠠᠰᠠᠭ ᠤᠨ | ᠣᠷᠳᠣᠨ ᠤ ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠵᠥᠪ ᠣᠨᠣᠪᠴᠢᠲᠠᠶ | ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠠᠷᠢᠮᠲᠠᠯᠠᠵᠤ ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ ᠂ | ᠬᠥᠲᠥᠯᠥᠮᠵᠢ ᠶᠢᠨ ᠴᠢᠨᠠᠷ ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ ᠶᠣᠰᠣᠭᠠᠷ ᠨᠢ ᠂ ᠱᠠᠯᠠᠮᠠᠭᠠᠢ ᠰᠢᠭᠤᠷᠬᠠᠢ ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠭᠢᠮᠯᠡᠭᠦ ᠂ ᠵᠣᠷᠢᠭᠲᠠᠢ | ᠬᠢᠵᠦ ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ ᠂ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠵᠣᠷᠢᠯᠲᠠ ᠳᠤ ᠨᠡᠶᠢᠴᠡᠭᠦᠯᠬᠦ ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ ᠂ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ | ᠳᠦᠷᠢᠮ ᠢ ᠨᠠᠶᠢᠳᠠᠪᠤᠷᠢᠵᠢᠭᠤᠯᠤᠨ᠎ᠠ ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ ᠃ ︽ ᠥᠨᠳᠥᠷ ᠪᠦᠲᠦᠮᠵᠢᠲᠡᠶ ᠪᠠᠷ ᠨᠢᠭᠡ ᠤᠴᠢᠷ | ᠶᠠᠪᠤᠳᠠᠯ ᠢ ᠪᠦᠲᠦᠭᠡᠬᠦ ︾ ᠶᠢ ᠠᠬᠢᠭᠤᠯᠬᠤ ᠪᠠᠷ ᠬᠥᠲᠥᠯᠥᠮᠵᠢ ᠪᠤᠯᠭᠠᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ ᠃ | ᠭᠡᠯᠪᠡᠷᠢ ᠶᠢᠨ ᠦᠵᠡᠯ ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ ᠂ ᠰᠢᠪᠠᠳᠠᠨ | ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ ᠂ ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠦᠨ᠎ᠡ ᠃ ︽ ᠭᠤᠷᠪᠠ ᠶᠢ ᠢᠯᠭᠠᠵᠤ ᠦᠵᠡᠬᠦ ︾ ᠶᠢ ᠨᠠᠶᠢᠳᠠᠪᠤᠷᠢᠵᠢᠭᠤᠯᠵᠤ ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠬᠤ ᠶᠢ | ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠥᠷᠭᠡᠨ ᠣᠯᠠᠨ ᠺᠠᠳ᠋ᠷᠴᠤᠳ ︽ ᠴᠠᠭ ᠢᠮᠠᠭᠲᠠ ᠰᠠᠨᠠᠭ᠎ᠠ ᠠᠮᠤᠷ | ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ︾ | ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ ᠂ ᠦᠨᠡᠨ ᠬᠦ ᠠᠳᠬᠤᠨ | ᠪᠣᠳᠠᠲᠠᠢ ᠪᠠᠷ ᠬᠢᠵᠦ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ ᠂ ᠴᠠᠭ ᠦᠶ᠎ᠡ ᠪᠠ ᠠᠷᠠᠳ ᠲᠦᠮᠡᠨ ᠳᠤ ᠦᠯᠦ | ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠃ | ᠲᠥᠯᠥᠭᠡᠯᠡᠭᠴᠢᠳ ᠠ᠋ ︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠵᠤ ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ | ᠠᠬᠢᠭᠤᠯᠬᠤ ᠬᠡᠷᠡᠭᠲᠡᠢ ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠯᠲᠠ ᠶᠢ ᠭᠦᠨᠵᠡᠭᠡᠢ ᠠᠬᠢᠭᠤᠯᠵᠤ ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ | ᠨᠡᠶᠢᠭᠡᠮ ᠯᠦᠭᠡ ᠵᠣᠬᠢᠴᠠᠭᠤᠯᠤᠨ᠎ᠠ ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ | ᠳᠡᠭᠦᠦ ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠬᠠᠮᠲᠤ ᠪᠠᠷ ᠴᠢᠷᠮᠠᠶᠢᠨ ᠵᠢᠳᠬᠦᠬᠦ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠨ᠎ᠠ ᠃ | ᠥᠩᠭᠡᠷᠡᠭᠰᠡᠨ ᠨᠢᠭᠡ ᠵᠢᠯ ᠳᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ | ᠲᠠᠪᠰᠢᠯᠳᠠ ᠲᠠᠢ ᠪᠣᠯᠵᠤ ᠂ ᠠᠷᠠᠳ ᠤᠨ ᠴᠡᠷᠢᠭ ᠠᠩᠭᠢ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ ᠃ ᠰᠢᠨ᠎ᠡ ᠨᠢᠭᠡ ᠵᠢᠯ ᠳᠤ ᠂ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ | ᠪᠠᠷᠢᠮᠲᠠᠯᠠᠵᠤ ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠢ ᠃ ᠴᠡᠷᠢᠭ | ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ ᠂ ᠴᠡᠷᠢᠭ ᠳᠠᠶᠢᠨ ᠤ ᠲᠡᠮᠡᠴᠡᠯ ᠤᠨ ᠪᠡᠯᠡᠳᠬᠡᠯ ᠢ ᠨᠢᠭᠡᠳᠦᠯᠲᠡᠢ ᠲᠥᠯᠥᠪᠯᠡᠨ | ᠠᠬᠢᠭᠤᠯᠵᠤ ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠰᠠᠶᠢᠲᠤᠷ ᠠᠳᠬᠤᠵᠤ ᠂ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ | ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ ᠂ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢᠨ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ ᠃ ᠨᠢᠭᠡ ᠴᠣᠭᠴᠠᠵᠢᠭᠰᠠᠨ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ ᠂ ︽ ᠬᠤᠶᠠᠷ ᠢ ᠬᠦᠷᠢᠶᠡᠯᠡᠬᠦ ︾ ᠠᠵᠢᠯ ᠢ ᠭᠦᠨᠵᠡᠭᠡᠢ | ᠥᠷᠨᠢᠭᠦᠯᠵᠦ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠃ | ᠪᠢᠳᠡ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠂ ︽ ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ ︾ ᠂ ︽ ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ ︾ ᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ ᠂ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ ᠂ ︽ ᠡᠬᠡ ᠣᠷᠣᠨᠴᠢ ᠬᠥᠮᠥᠰ ᠢᠶᠠᠷ | ᠰᠢᠶᠠᠩᠭᠠᠩ ᠢ ᠵᠠᠰᠠᠭᠤᠯᠬᠤ ︾ ᠂ ︽ ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ ᠃ ᠰᠢᠶᠠᠩᠭᠠᠩ ᠂ | ᠣᠣᠮᠧᠨ ᠤ ᠠᠵᠤ ᠠᠬᠤᠢ ᠪᠠᠨ ᠬᠥᠭᠵᠢᠭᠦᠯᠦᠨ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠂ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ ᠂ ᠰᠢᠶᠠᠩᠭᠠᠩ ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ | ᠪᠠᠶᠢᠳᠠᠯ ᠢ ᠪᠠᠲᠤᠯᠠᠨ᠎ᠠ ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾ ᠶᠢ ᠪᠠᠷᠢᠮᠲᠠᠯᠠᠵᠤ ᠂ ︽ ᠲᠠᠶᠢᠸᠠᠨ ᠢ ᠲᠤᠰᠠᠭᠠᠷ | ᠲᠣᠭᠲᠠᠨᠢᠭᠤᠯᠬᠤ ︾ ᠬᠠᠭᠠᠴᠠᠭᠤᠯᠤᠯ ᠪᠠ ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ ᠂ | ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠦᠨ ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠵᠦ ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠬᠤ ᠬᠡᠷᠡᠭᠲᠡᠢ ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ ᠂ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ ᠂ ᠡᠷᠬᠡ ᠲᠡᠭᠰᠢ ᠪᠥᠭᠡᠳ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ ᠂ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ ᠂ ᠡᠵᠡᠷᠬᠡᠭᠯᠡᠬᠦ | ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢ ᠡᠰᠡᠷᠭᠦᠴᠡᠵᠦ ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ | ᠬᠡᠷᠡᠭᠲᠡᠢ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠥᠷᠲᠡᠭ ᠢ ᠪᠠᠳᠠᠷᠠᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ | ᠲᠥᠯᠥᠭᠡᠯᠡᠭᠴᠢᠳ ᠠ᠋ ︕ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ ᠃ ᠪᠢᠳᠡ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠵᠠᠮ ᠨᠡᠭᠡᠭᠡᠨ ᠤᠷᠤᠭᠰᠢᠯᠠᠵᠤ ᠂ ᠪᠦᠭᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠵᠡᠭᠡᠶ᠎ᠡ ︕ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ ︶ | ︵ ᠲᠤᠮᠳᠠᠳᠤ ᠤᠯᠤᠰ ᠤᠨ ᠦᠨᠳᠦᠰᠦᠲᠡᠨ ᠪ᠊ ᠬᠡᠯᠡᠨ ᠪ᠊ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ ︶ | | |