| 3 ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠦᠭᠦᠳᠡ ᠬᠤᠷᠠᠯ ᠬᠤᠷᠠᠯᠳᠤᠭᠤᠯᠵᠤ ᠂ ᠠᠶᠤᠯᠭᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠪᠠ ᠃ | ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠬᠤᠸᠠᠩ ᡁᠢ ᠴᠢᠶᠠᠩ ᠬᠤᠷᠠᠯ ᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ ᠃ ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ | ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠵᠦ ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠠᠴᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ | ᠵᠠᠷᠯᠠᠨ ᠮᠡᠳᠡᠭᠳᠡᠪᠡ ᠃ | ᠸᠠᠩ ᠯᠢ ᠰᠢᠶᠠ ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ | ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠬᠦᠨᠳᠦ | ᠶᠡᠭᠡ ᠠᠳᠡᠯ ᠭᠠᠷᠬᠤ ᠶᠢ ᠬᠤᠷᠢᠭᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ ᠂ ᠬᠠᠷᠢᠭᠤᠴᠠᠯᠭᠠᠲᠤ ᠰᠡᠳᠬᠢᠯᠭᠡ ᠂ ᠲᠤᠯᠭᠠᠮ ᠪᠤᠳᠤᠯ ᠢᠶᠠᠨ ᠴᠢᠨᠠᠭᠰᠢᠳᠠ ᠴᠢᠩᠭᠠᠳᠬᠠᠵᠤ ᠂ ᠡᠯ᠎ᠡ | ᠵᠦᠢᠯ ᠤᠨ ᠬᠦᠨᠳᠦ ᠣᠨᠴᠠ ᠶᠡᠭᠡ ᠠᠳᠡᠯ ᠢᠶᠠᠷ ᠲᠣᠯᠢ ᠪᠤᠯᠭᠠᠵᠤ ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠵᠦ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠪᠠᠶᠢᠷᠢᠯᠠᠭᠤᠯᠤᠭᠰᠠᠨ ︽ ᠨᠠᠢᠮᠠᠨ ᠶᠡᠭᠡ ᠠᠵᠢᠯᠯᠠᠭ᠎ᠠ ︾ ᠪᠣᠯᠣᠨ 20 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠭᠤᠷᠬᠠᠢ ᠂ ᠭᠠᠯ | ᠰᠡᠷᠭᠡᠶᠢᠯᠡᠬᠦ ᠭᠠᠯ ᠤᠨᠲᠠᠷᠠᠭᠠᠬᠤ ᠂ ᠰᠢᠲᠠᠮᠠᠬᠠᠢ ᠬᠡᠢ ᠂ ᠬᠢᠮᠢ ᠶᠢᠨ ᠠᠵᠤ ᠦᠢᠯᠡᠳᠪᠦᠷᠢ ᠂ ᠵᠠᠮ ᠬᠠᠷᠢᠯᠴᠠᠭ᠎ᠠ ᠂ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠡᠮᠨᠡᠯᠭᠡ ᠶᠢᠨ ᠬᠤᠷᠢᠶ᠎ᠠ ᠂ ᠰᠤᠷᠭᠠᠭᠤᠯᠢ ᠶᠢᠨ ᠬᠦᠷᠢᠶ᠎ᠡ ᠂ ᠬᠤᠳᠠᠯᠳᠤᠭᠠᠨ ᠤ ᠲᠠᠯᠠᠪᠤᠷ ᠂ | ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ | ᠬᠡᠪ ᠪᠣᠯᠪᠠᠰᠤᠷᠠᠯ ᠴᠢᠩᠭ᠎ᠠ ᠪᠢᠰᠢ ᠂ ᠬᠦᠨᠳᠦ ᠶᠡᠭᠡ ᠭᠡᠮ ᠰᠣᠭᠤᠭ ᠢ ᠴᠢᠩᠭ᠎ᠠ ᠪᠠᠶᠢᠴᠠᠭᠠᠬᠤ ᠦᠭᠡᠢ ᠂ ᠬᠦᠨᠳᠦ ᠶᠡᠭᠡ ᠭᠡᠮ ᠰᠣᠭᠤᠭ ᠢ ᠰᠠᠶᠢᠲᠤᠷ ᠴᠡᠭᠴᠡᠯᠡᠨ ᠵᠠᠰᠠᠬᠤ | ᠦᠭᠡᠢ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠭᠡᠮ ᠰᠣᠭᠤᠭ ᠪᠠᠶᠢᠨ ᠳᠠᠭᠢᠨ ᠡᠭᠦᠰᠬᠦ ᠂ ᠠᠮᠤᠷ ᠲᠦᠪᠰᠢᠨ ᠤ ᠰᠠᠭᠤᠷᠢ ᠪᠠᠲᠤ ᠪᠢᠰᠢ ᠵᠡᠷᠭᠡ 5 ᠲᠥᠷᠥᠯ ᠤᠨ | ᠲᠣᠪᠤᠶᠢᠮ᠎ᠠ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠭᠤᠷᠪᠠᠨ ᠵᠢᠯ ᠤᠨ ᠠᠵᠢᠯᠯᠠᠭ᠎ᠠ ᠳᠤ ᠲᠣᠭᠲᠠᠭᠠᠭᠰᠠᠨ ᠬᠠᠷᠠᠯᠲᠠ ᠶᠢ | ᠪᠣᠳᠠᠲᠠᠢ ᠡᠭᠦᠷᠭᠡ ᠶᠢᠨ ᠲᠠᠩᠰᠠ ᠂ ᠬᠠᠷᠢᠭᠤᠴᠠᠯᠭ᠎ᠠ ᠶᠢᠨ ᠪᠢᠴᠢᠭ ᠪᠣᠯᠭᠠᠨ ᠬᠤᠪᠢᠷᠠᠭᠤᠯᠵᠤ ᠂ ᠨᠢᠭᠡ ᠨᠢᠭᠡ ᠶᠠᠪᠤᠳᠠᠯ ᠢᠶᠠᠷ ᠠᠬᠢᠴᠠ ᠶᠢ ᠠᠳᠬᠤᠵᠤ ᠂ ᠨᠢᠭᠡ ᠨᠢᠭᠡ | ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ ᠰᠢᠨ᠎ᠡ ᠵᠠᠮ ᠨᠡᠭᠡᠭᠡᠵᠦ ᠂ ᠳᠤᠮᠳᠠ ᠲᠦᠪᠰᠢᠨ ᠳᠤ ᠣᠷᠣᠬᠤ ︾ | ᠬᠠᠷᠠᠯᠲᠠ ᠶᠢ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠃ ᠣᠳᠣᠬᠠᠨ ᠳᠤ ᠂ ᠬᠠᠪᠤᠷ ᠤᠨ ᠤᠯᠠᠷᠢᠯ ᠤᠨ ᠣᠶ | ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠬᠤᠭᠤᠴᠠᠭᠠᠨ ᠳᠤ ᠣᠷᠣᠭᠠᠳ ᠪᠠᠶᠢᠨ᠎ᠠ ᠂ ᠵᠠᠩᠭᠢᠯᠠᠭ᠎ᠠ ᠶᠢᠨ ᠭᠤᠭᠴᠤᠭ᠎ᠠ ᠂ | ᠭᠤᠣᠯᠳᠠᠯᠭ᠎ᠠ ᠲᠠᠢ ᠣᠷᠣᠨ ᠪᠠᠶᠢᠷᠢ ᠂ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠂ ᠬᠡᠭᠡᠷ᠎ᠡ ᠶᠢᠨ ᠭᠠᠯ ᠤᠨ ᠡᠬᠢ ᠶᠢ ᠴᠢᠩᠭ᠎ᠠ ᠡᠵᠡᠮᠳᠡᠵᠦ ᠂ ᠬᠥᠮᠥᠨ ᠤ | ᠬᠦᠴᠦ ᠪᠠᠷ ᠰᠡᠷᠭᠡᠶᠢᠯᠡᠬᠦ ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠴᠠᠭ ᠲᠤᠬᠠᠢ ᠳᠤᠨᠢ ᠢᠯᠡᠷᠡᠭᠦᠯᠵᠦ ᠂ ᠲᠦᠷᠭᠡᠨ ᠴᠤᠤᠷᠢᠶᠠᠲᠤᠨ | ᠳᠠᠭᠠᠵᠤ ᠂ ᠡᠷᠲᠡ ᠠᠴᠠ ᠰᠡᠷᠭᠡᠶᠢᠯᠡᠬᠦ ᠂ ᠪᠠᠭ᠎ᠠ ᠠᠴᠠ ᠰᠡᠷᠭᠡᠶᠢᠯᠡᠬᠦ ᠂ ᠲᠦᠢᠯᠪᠤᠷᠢᠲᠠᠢ ᠰᠡᠷᠭᠡᠶᠢᠯᠡᠬᠦ ᠪᠠᠷ ᠴᠢᠷᠮᠠᠶᠢᠵᠤ ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠴᠢᠷᠮᠠᠶᠢᠨ ᠬᠠᠮᠠᠭᠠᠯᠠᠬᠤ ᠬᠡᠷᠡᠭᠲᠡᠢ ᠭᠡᠪᠡ ᠃ | | |