| ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ︾ ᠢ ᠲᠣᠭᠲᠠᠭᠠᠨ | ᠳᠠᠷᠤᠮᠠᠯᠯᠠᠨ ᠲᠠᠷᠬᠠᠭᠠᠵᠤ ᠂ ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠦᠷᠨᠢᠭᠦᠯᠬᠦ ᠪᠠᠷ ᠪᠤᠢ ᠃ | ᠵᠢᠷᠭᠤᠭᠠᠨ ᠲᠤᠰᠬᠠᠢ ᠠᠵᠢᠯᠯᠠᠭ᠎ᠠ ᠨᠢ ᠲᠣᠰ ᠲᠣᠰ ᠄ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢ ᠠᠬᠢᠭᠤᠯᠬᠤ | ᠠᠵᠢᠯᠯᠠᠭ᠎ᠠ ᠶᠢ ᠥᠷᠨᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ ᠲᠠᠯᠪᠢᠬᠤ ᠬᠠᠮᠢᠶᠠᠷᠬᠤ ᠦᠢᠯᠡᠴᠢᠯᠡᠬᠦ ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠪᠡᠷᠯᠡᠨ | ᠴᠡᠭᠴᠡᠯᠡᠵᠦ ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ ᠤᠬᠠᠮᠰᠠᠷ ᠢ | ᠨᠡᠮᠡᠭᠳᠡᠭᠦᠯᠦᠨ᠎ᠡ ︔ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ ᠂ ᠠᠵᠢᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ ᠂ ᠠᠵᠢᠯ ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠶᠢᠨ ᠲᠠᠩᠰᠠ | ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠦᠨᠡᠨᠴᠢ | ᠢᠲᠡᠭᠡᠮᠵᠢᠲᠡᠢ ᠪᠠᠷ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ︔ ᠬᠥᠳᠡᠯᠮᠦᠷᠢ ᠶᠢᠨ ᠬᠦᠴᠦᠨ ᠢ ᠬᠡᠷᠡᠭᠯᠡᠬᠦ ᠬᠦᠷᠢᠶᠡᠨ ᠳᠠᠬᠢ | ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠂ ᠬᠥᠳᠡᠯᠮᠦᠷᠢ ᠶᠢᠨ ᠭᠡᠷ᠎ᠡ ᠠᠴᠠ ᠵᠥᠷᠢᠴᠡᠬᠦ ᠂ ᠴᠠᠯᠢᠩ ᠥᠷᠢᠲᠦᠬᠦ ᠵᠡᠷᠭᠡ ᠬᠠᠤᠯᠢ ᠠᠴᠠ | ᠵᠥᠷᠢᠴᠡᠨ ᠠᠵᠢᠯᠴᠢᠨ ᠬᠡᠷᠡᠭᠯᠡᠬᠦ ᠠᠵᠢᠯᠯᠠᠭ᠎ᠠ ᠨᠤᠭᠤᠳ ᠲᠤ ᠠᠩᠬᠠᠷᠤᠯ ᠢᠶᠠᠨ ᠲᠦᠪᠯᠡᠷᠡᠭᠦᠯᠦᠨ ᠴᠡᠭᠴᠡᠯᠡᠨ ᠵᠠᠰᠠᠵᠤ ᠂ ᠬᠥᠳᠡᠯᠮᠦᠷᠢ ᠶᠢᠨ ᠪᠠᠲᠤᠯᠠᠭ᠎ᠠ ᠶᠢᠨ ᠦᠨᠡᠨᠴᠢ | ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢ ᠪᠠᠶᠢᠭᠤᠯᠵᠤ ᠂ ᠬᠥᠮᠥᠨ ᠬᠡᠷᠡᠭᠯᠡᠬᠦ ᠨᠢᠭᠡᠴᠢ ᠶᠢᠨ ᠥᠪᠡᠷ ᠢ ᠪᠠᠨ ᠵᠢᠷᠤᠮᠵᠢᠭᠤᠯᠬᠤ ᠂ ᠥᠪᠡᠷ ᠢ ᠪᠠᠨ ᠬᠢᠵᠠᠭᠠᠷᠯᠠᠬᠤ ᠂ | ᠦᠨᠡᠨᠴᠢ ᠢᠲᠡᠭᠡᠮᠵᠢᠲᠡᠢ ᠪᠠᠷ ᠡᠵᠡᠩᠨᠡᠬᠦ ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ ︔ ᠨᠡᠶᠢᠭᠡᠮ ᠤᠨ | ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠂ ᠳᠠᠭᠠᠳᠬᠠᠯ ᠮᠡᠬᠡᠯᠡᠬᠦ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ ᠂ ᠣᠯᠠᠨ ᠬᠡᠯᠪᠡᠷᠢ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠮᠡᠬᠡᠯᠡᠨ ᠬᠢᠬᠠᠬᠤ ᠶᠢ | ᠡᠰᠡᠷᠭᠦᠴᠡᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ ᠂ ᠠᠷᠠᠳ ᠣᠯᠠᠨ ᠤ ︽ ᠨᠠᠰᠤᠵᠢᠯ ᠤᠨ ᠠᠰᠠᠷᠠᠮᠵᠢ ᠶᠢᠨ ᠮᠥᠩᠭᠦ ︾ ︽ ᠠᠮᠢ ᠪᠠᠨ | ᠬᠠᠮᠠᠭᠠᠯᠠᠬᠤ ᠮᠥᠩᠭᠦ ︾ ᠶᠢ ᠰᠠᠶᠢᠲᠤᠷ ᠰᠠᠬᠢᠨ ᠬᠠᠮᠠᠭᠠᠯᠠᠨ᠎ᠠ ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠦᠨᠡᠨᠴᠢ | ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠤᠨ ᠦᠨᠡᠯᠡᠯᠲᠡ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠢᠲᠡᠭᠡᠮᠵᠢ ᠶᠢᠨ ᠱᠠᠩᠨᠠᠵᠤ ᠲᠣᠷᠭᠠᠬᠤ | ᠲᠣᠭᠲᠠᠴᠠ ᠶᠢ ᠪᠠᠶᠢᠭᠤᠯᠵᠤ ᠂ ᠢᠲᠡᠭᠡᠯ ᠠᠯᠳᠠᠪᠠᠯ ᠤᠬᠤᠷᠢᠨ ᠭᠠᠷᠬᠤ ᠲᠣᠭᠲᠠᠴᠠ ᠶᠢ ᠲᠣᠳᠣᠷᠬᠠᠶᠢᠯᠠᠨ ᠂ ᠢᠲᠡᠭᠡᠮᠵᠢ ᠶᠢᠨ ᠲᠠᠰ ᠬᠤᠪᠢᠶᠠᠨ ᠬᠢᠨᠠᠨ ᠬᠠᠮᠢᠶᠠᠷᠬᠤ | ᠳᠦᠷᠢᠮ ᠢ ᠬᠡᠷᠡᠭᠵᠢᠭᠦᠯᠵᠦ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ︔ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠮᠠᠯᠠᠯᠲᠠ ᠪᠠᠨ ᠭᠦᠢᠴᠡᠳᠬᠡᠵᠦ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ | ᠲᠣᠭᠲᠠᠭᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠭᠦᠢᠴᠡᠳᠬᠡᠬᠦ ︾ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠠᠬᠢᠭᠤᠯᠤᠨ ᠂ ᠠᠵᠢᠯ ᠲᠥᠷᠥᠯ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ ᠂ ᠠᠮᠠᠯᠠᠯᠲᠠ ᠪᠠᠨ ᠪᠣᠳᠠᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠦᠴᠢᠷ ᠤᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠢᠯᠡᠷᠬᠡᠶᠢᠯᠡᠬᠦ ᠳᠤ ᠪᠠᠨ ᠂ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠤᠭᠤᠮᠲᠠ ᠰᠢᠪᠲᠤᠯᠵᠤ ᠂ ᠠᠯᠢ ᠣᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ | ᠠᠷᠭ᠎ᠠ ᠪᠠᠷᠢᠯ ᠢᠶᠠᠷ ᠳᠠᠮᠵᠢᠭᠤᠯᠤᠨ ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠂ | ᠨᠡᠶᠢᠭᠡᠮ ᠤᠨ ᠦᠨᠡᠨᠴᠢ ᠢᠲᠡᠭᠡᠮᠵᠢ ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠂ ᠢᠲᠡᠭᠡᠮᠵᠢ ᠶᠢ ᠰᠠᠬᠢᠬᠤ ᠵᠥᠪ | ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠨ᠎ᠠ ᠭᠡᠵᠡᠢ ᠃ | | |