| 2024 ᠣᠨ ᠳᠤ ᠂ ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢᠬᠢ ᠬᠥᠮᠥᠨ ᠰᠢᠨ᠎ᠡ ᠪᠠᠷ ᠠᠵᠢᠯ ᠣᠯᠵᠤ ᠂ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠪᠡ ᠁ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠢ ᠠᠷᠠᠳ ᠤᠨ ᠬᠦᠰᠡᠯ ᠡᠷᠡᠮᠡᠯᠵᠡᠯ ᠳᠤ | ᠬᠠᠷᠢᠭᠤ ᠥᠭᠴᠦ ᠂ ᠵᠠᠰᠠᠭ ᠶᠠᠪᠤᠭᠤᠯᠬᠤ ᠬᠠᠨᠳᠤᠰᠢ ᠶᠢ ᠲᠣᠳᠣᠷᠬᠠᠶᠢᠯᠠᠪᠠ ᠃ | 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠲᠤ ᠠᠪᠴᠤ ᠬᠡᠯᠡᠪᠡᠯ ᠂ ᠨᠥᠬᠦᠪᠦᠷᠢ ᠪᠠ ᠪᠠᠷᠢᠮᠵᠢᠶ᠎ᠠ ᠶᠢ 1 ᠲᠥᠭᠦᠷᠢᠭ ᠳᠡᠭᠡᠭᠰᠢᠯᠡᠭᠦᠯᠦᠭᠰᠡᠨ | ᠴᠦ ︽ ᠶᠡᠭᠡ ᠲᠤᠭ᠎ᠠ ︾ ᠪᠣᠯᠳᠠᠭ ᠃ ᠪᠦᠬᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠤᠯᠠᠨ ᠳᠠᠪᠬᠤᠷ ᠥᠷᠢᠰᠦᠯᠳᠦᠭᠡᠨ ᠤ ᠡᠮᠦᠨ᠎ᠡ ᠮᠠᠨ ᠤ ᠤᠯᠤᠰ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠲᠠᠰᠤᠷᠠᠯᠲᠠ ᠦᠭᠡᠢ ᠡᠷᠴᠢᠮᠵᠢᠭᠦᠯᠦᠭᠰᠡᠭᠡᠷ ᠪᠠᠶᠢᠨ᠎ᠠ ᠃ ᠵᠠᠰᠠᠭ ᠤᠨ ᠣᠷᠳᠣᠨ ᠨᠠᠷᠢᠯᠢᠭ ᠪᠤᠳᠤᠵᠤ | ᠠᠷᠪᠢᠯᠠᠨ ᠭᠠᠮᠨᠠᠵᠤ ᠪᠠᠶᠢᠭ᠎ᠠ ᠨᠢ ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠵᠤ ᠂ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠵᠠᠩᠭᠢᠯᠠᠭ᠎ᠠ ᠳᠤ ᠬᠡᠷᠡᠭᠯᠡᠬᠦ ᠶᠢᠨ ᠲᠥᠯᠥᠭᠡ ᠶᠤᠮ ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠳᠤᠷᠠᠳᠤᠭᠰᠠᠨ ᠢᠶᠠᠷ ᠂ 2024 ᠣᠨ ᠳᠤ ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠲᠠ | ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ ᠂ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡ ᠵᠡᠷᠭᠡ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠳᠤ ᠠᠮᠠᠷᠬᠠᠨ ᠠᠵᠢᠯ ᠣᠯᠭᠤᠵᠤ ᠂ ᠰᠠᠶᠢᠨ ᠠᠵᠢᠯ ᠣᠯᠭᠤᠨ᠎ᠠ ᠃ ︽ ᠲᠥᠷᠥ ᠶᠢᠨ ᠪᠣᠳᠣᠯᠭ᠎ᠠ | ᠳᠡᠮᠵᠢᠵᠦ ᠂ ᠬᠤᠪᠢ ᠬᠥᠮᠥᠨ ᠴᠢᠷᠮᠠᠶᠢᠵᠤ ᠂ ᠦᠢᠯᠡᠴᠢᠯᠡᠭᠡ ᠲᠤᠰᠠᠯᠠᠪᠠᠯ ᠠᠵᠢᠯ ᠣᠯᠭᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠴᠢᠳᠠᠨ᠎ᠠ ᠃ ︾ | ᠭᠡᠵᠦ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠥᠩ ᠬᠡᠯᠡᠪᠡ ᠃ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ | ᠳᠡᠭᠡᠭᠰᠢᠯᠡᠭᠦᠯᠵᠦ ᠂ ᠲᠣᠮᠣ ᠤᠯᠤᠰ ᠤᠨ ᠡᠮᠴᠢᠯᠡᠭᠡᠨ ᠤ ᠳᠠᠭᠠᠳᠬᠠᠯ ᠳᠠᠬᠢᠨᠲᠠ ᠬᠦᠴᠦᠯᠡᠪᠡ ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠡᠮᠴᠢᠯᠡᠭᠡᠨ ᠤ ᠪᠠᠲᠤᠯᠠᠭ᠎ᠠ ᠶᠢᠨ | ᠰᠦᠯᠵᠢᠶ᠎ᠡ ᠶᠢ ᠪᠠᠶᠢᠭᠤᠯᠤᠭᠰᠠᠨ ᠤᠯᠤᠰ ᠲᠤ ᠠᠪᠴᠤ ᠬᠡᠯᠡᠪᠡᠯ ᠂ ᠣᠳᠣᠬᠠᠨ ᠳᠤ ᠮᠠᠨ ᠤ ᠤᠯᠤᠰ ᠤᠨ ᠳᠠᠭᠠᠳᠬᠠᠯ ᠳᠤ ᠣᠷᠣᠯᠴᠠᠭᠰᠠᠨ ᠬᠥᠮᠥᠨ 13 ᠳ᠋ᠦᠩᠰᠢᠭᠤᠷ ᠢ | ᠳᠠᠪᠠᠵᠠᠢ ᠂ ᠡᠨᠡ ᠤᠳᠠᠭ᠎ᠠ ᠪᠠᠰᠠ ᠨᠥᠬᠦᠪᠦᠷᠢ ᠶᠢᠨ ᠰᠢᠨ᠎ᠡ ᠪᠠᠷᠢᠮᠵᠢᠶ᠎ᠠ ᠶᠢ ᠳᠤᠷᠠᠳᠤᠭᠰᠠᠨ ᠨᠢ ᠵᠠᠰᠠᠭ ᠤᠨ ᠣᠷᠳᠣᠨ ᠤ ᠠᠷᠠᠳ ᠤᠨ ᠡᠪᠡᠳᠴᠢᠨ ᠦᠵᠡᠭᠦᠯᠬᠦ | ᠠᠰᠠᠭᠤᠳᠠᠯ ᠢ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠵᠣᠷᠢᠭ ᠪᠠ ᠡᠷᠴᠢᠮ ᠢ ᠭᠦᠢᠴᠡᠳ ᠢᠯᠡᠷᠡᠭᠦᠯᠦᠭᠰᠡᠨ ᠪᠠᠶᠢᠨ᠎ᠠ ᠃ | ᠢᠯᠡᠳᠬᠡᠯ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠬᠤ ᠂ ᠤᠯᠤᠰ ᠤᠨ ᠡᠮ ᠤᠨ | ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠬᠦ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ | ᠪᠠᠶᠢᠩᠭᠤᠰᠢᠷᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ ᠁ ᠶᠢ ᠳᠤᠷᠠᠳᠴᠠᠢ ᠃ ᠵᠦᠢᠯ ᠪᠦᠬᠦᠨ ᠨᠢ ᠴᠥᠮ ᠠᠷᠠᠳ ᠲᠦᠮᠡᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠬᠦ ᠲᠠᠢ ᠨᠢᠭᠲᠠ ᠬᠤᠯᠪᠣᠭ᠎ᠠ ᠲᠠᠢ ᠪᠠᠶᠢᠨ᠎ᠠ ᠃ | ᠨᠠᠰᠤᠵᠢᠯ ᠥᠷᠭᠡᠵᠢᠵᠦ ᠪᠠᠶᠢᠨ᠎ᠠ ᠂ ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠢ ᠬᠡᠷᠬᠢᠨ ᠬᠢᠬᠦ ᠪᠤᠶ ︖ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠢᠶᠠᠷ ᠂ ᠪᠥᠬᠦ ᠤᠯᠤᠰ ᠲᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ | ᠬᠡᠷᠡᠭᠵᠢᠭᠦᠯᠬᠦ ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠬᠦ ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ | ᠪᠠᠶᠢᠭᠤᠯᠬᠤ ᠶᠢ ᠠᠬᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ ᠨᠦᠭᠦᠳ ᠢ ᠪᠠᠭᠲᠠᠭᠠᠵᠤ ᠂ ᠨᠠᠰᠤᠵᠢᠯ ᠢ ᠠᠷᠭᠠᠴᠠᠭᠠᠬᠤ ᠠᠯᠬᠤᠮ ᠢ ᠢᠳᠡᠪᠬᠢᠲᠡᠢ ᠪᠥᠭᠡᠳ ᠯᠠᠪᠳᠠᠭᠤᠨ | ᠪᠠᠶᠢᠯᠭᠠᠨ᠎ᠠ ᠭᠡᠵᠡᠢ ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠳᠤᠲᠠᠭᠳᠠᠯ ᠢ ᠨᠥᠬᠦᠪᠦᠷᠢᠯᠡᠬᠦ ᠪᠠᠨ ᠡᠷᠴᠢᠮᠵᠢᠭᠦᠯᠦᠨ᠎ᠡ | ᠭᠡᠵᠡᠢ ᠃ ᠡᠨᠡ ᠨᠢ ᠬᠥᠳᠡᠭᠡ ᠲᠣᠰᠬᠤᠨ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠾᠧᠨᠠᠨ | ᠮᠤᠵᠢ ᠶᠢᠨ ᠺᠠᠶᠢᠹᠧᠩ ᠬᠤᠳᠠ ᠶᠢᠨ ᠯᠠᠨᠺᠤᠤ ᠰᠢᠶᠠᠨ ᠤ ᠰᠠᠨ ᠢ ᠵᠠᠢ ᠰᠢᠶᠠᠩ ᠤᠨ ᠪᠠᠢ ᠶᠦᠨ ᠱᠠᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠪᠦᠦ | ᠴᠤᠤ ᠳᠤ ᠭᠦᠨ ᠲᠥᠷᠥᠭᠳᠡᠯ ᠥᠭᠭᠦᠭᠰᠡᠨ ᠪᠠᠶᠢᠨ᠎ᠠ ᠃ ᠲᠡᠷᠡ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢᠨ ᠪᠡᠯᠡ ᠮᠥᠩᠭᠦ ᠶᠢᠨ | ᠳᠡᠮᠵᠢᠯᠭᠡ ᠶᠢ ᠡᠷᠴᠢᠮᠵᠢᠭᠦᠯᠵᠦ ᠂ ᠨᠠᠰᠤᠲᠠᠨ ᠢ ᠲᠤᠰᠠᠯᠠᠬᠤ ᠬᠤᠭᠤᠯᠠᠨ ᠭᠡᠷ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠵᠡᠷᠭᠡ ᠰᠠᠨᠠᠭᠤᠯᠭ᠎ᠠ ᠳᠤᠷᠠᠳᠴᠠᠢ ᠃ | ᠬᠥᠮᠥᠨ ᠪᠣᠯᠭᠠᠨ ᠥᠲᠡᠯᠵᠦ ᠂ ᠠᠶᠢᠯ ᠪᠣᠯᠭᠠᠨ ᠳᠤ ᠬᠡᠦᠬᠡᠳ ᠲᠠᠢ ᠪᠠᠶᠢᠳᠠᠭ ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠢᠶᠠᠷ ᠂ | ᠨᠢᠳᠤᠨᠤᠨ ᠮᠠᠨ ᠤ ᠤᠯᠤᠰ ︽ ᠨᠢᠭᠡ ᠨᠠᠰᠤᠲᠠᠨ ᠨᠢᠭᠡ ᠬᠡᠦᠬᠡᠳ ︾ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠨᠡᠮᠡᠯᠲᠡ ᠶᠢ ᠬᠠᠰᠤᠵᠤ | ᠭᠠᠷᠭᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠬᠦᠷᠲᠡᠪᠡ ᠃ ᠡᠨᠡ ᠵᠢᠯ ᠭᠡᠷ ᠪᠦᠯᠢ ᠶᠢᠨ ᠬᠡᠦᠬᠡᠳ ᠠᠪᠬᠤ ᠂ | ᠬᠡᠦᠬᠡᠳ ᠲᠡᠵᠢᠭᠡᠬᠦ ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠨᠢ ᠬᠥᠩᠭᠡᠷᠡᠭᠦᠯᠬᠦ ᠵᠢᠴᠢ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠂ | ᠦᠷᠡᠵᠢᠯ ᠤᠨ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠰᠢᠯᠢᠳᠡᠭᠵᠢᠭᠦᠯᠬᠦ ᠵᠡᠷᠭᠡ ᠶᠢ ᠳᠤᠷᠠᠳᠤᠭᠰᠠᠨ ᠨᠢ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠤᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ ᠃ | ᠰᠤᠷᠭᠠᠨ ᠬᠥᠮᠦᠵᠢᠯ ᠮᠢᠩᠭ᠎ᠠ ᠲᠦᠮᠡᠨ ᠠᠶᠢᠯ ᠡᠷᠦᠬᠡ ᠶᠢ ᠨᠥᠯᠥᠭᠡᠯᠡᠨ᠎ᠡ ᠃ ᠰᠤᠷᠭᠠᠭᠤᠯᠢ ᠳᠤ ᠪᠠᠶᠢᠭ᠎ᠠ 2.9 ᠳ᠋ᠦᠩᠰᠢᠭᠤᠷ ᠭᠠᠷᠤᠢ ᠰᠣᠷᠣᠭᠴᠢᠳ ᠲᠠᠢ | ᠰᠤᠷᠭᠠᠨ ᠬᠥᠮᠦᠵᠢᠯ ᠤᠨ ᠲᠣᠮᠣ ᠤᠯᠤᠰ ᠤᠨ ᠰᠤᠷᠭᠠᠨ ᠬᠥᠮᠦᠵᠢᠯ ᠢ ᠬᠡᠷᠬᠢᠨ ᠰᠠᠶᠢᠲᠤᠷ ᠡᠷᠭᠢᠯᠡᠬᠦ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ ᠃ | ᠰᠠᠶ᠋ᠢᠬᠠᠨ ᠥᠩᠭᠡᠷᠡᠭᠰᠡᠨ 2023 ᠣᠨ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠦᠦ ᠮᠥᠩᠭᠦ ᠶᠢ | ᠪᠠᠭᠤᠷᠠᠭᠤᠯᠤᠨ 1100 ᠭᠠᠷᠤᠢ ᠲᠦᠮᠡᠨ ᠰᠣᠷᠣᠭᠴᠢ ᠳᠤ ᠠᠰᠢᠭ ᠬᠦᠷᠲᠡᠭᠡᠵᠡᠢ ᠃ ᠡᠨᠡ ᠵᠢᠯ ᠤᠨ ᠢᠯᠡᠳᠬᠡᠯ ᠳᠤ ᠪᠠᠰᠠ ︽ ᠰᠠᠭᠤᠷᠢ ᠰᠤᠷᠭᠠᠨ ᠬᠥᠮᠦᠵᠢᠯ ᠤᠨ | ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ ︾ ︽ ᠬᠥᠳᠡᠭᠡ ᠲᠣᠰᠬᠤᠨ ᠤ ᠪᠠᠶᠢᠷᠢᠯᠠᠬᠤ ᠳᠦᠷᠢᠮᠲᠦ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠎ᠠ ︾ ︽ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ ︾ | ᠭᠡᠬᠦ ᠵᠡᠷᠭᠡ ᠶᠢ ᠳᠤᠷᠠᠳᠤᠭᠰᠠᠨ ᠨᠢ ᠠᠷᠠᠳ ᠣᠯᠠᠨ ᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠲᠡᠭᠡᠯ ᠡᠪᠦᠷᠯᠡᠭᠦᠯᠪᠡ ᠃ | ᠢᠯᠡᠳᠬᠡᠯ ᠳᠤ ᠳᠤᠷᠠᠳᠤᠭᠰᠠᠨ ᠲᠣᠭᠠᠴᠢᠯᠠᠭᠰᠠᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠳᠤ ᠴᠢᠭᠯᠡᠭᠦᠯᠦᠨ ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠧᠢ ᠵᠢᠶᠦ᠋ᠨ ᠥᠪᠡᠷ ᠤᠨ ᠰᠠᠨᠠᠭᠤᠯᠭ᠎ᠠ ᠪᠠᠨ ᠳᠤᠷᠠᠳᠴᠤ ᠂ ᠬᠢᠮᠡᠯ ᠣᠶᠣᠨ ᠤ ᠬᠡᠪ ᠪᠣᠯᠪᠠᠰᠤᠷᠠᠯ ᠤᠨ | ᠬᠥᠮᠦᠵᠢᠯ ᠢ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠣᠷᠣᠭᠤᠯᠵᠤ ᠂ ᠬᠢᠮᠡᠯ ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ | ᠲᠣᠬᠢᠷᠠᠭᠤᠯᠬᠤ ᠬᠡᠷᠡᠭᠲᠡᠢ ︔ ᠶᠡᠭᠡ ᠳᠡᠭᠡᠳᠦ ᠰᠤᠷᠭᠠᠭᠤᠯᠢ ᠶᠢᠨ ᠬᠢᠮᠡᠯ ᠣᠶᠣᠨ ᠤ ᠬᠠᠮᠢᠶ᠎ᠠ ᠪᠦᠬᠦᠢ ᠮᠡᠷᠭᠡᠵᠢᠯ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠬᠢᠮᠡᠯ | ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ ᠢ ᠨᠡᠩ ᠤᠯᠠᠨ ᠮᠡᠷᠭᠡᠵᠢᠯ ᠵᠦᠭ ᠥᠷᠭᠡᠳᠬᠡᠵᠦ ᠂ ᠬᠦᠷᠢᠶ᠎ᠡ ᠠᠯᠤᠰᠯᠠᠭᠰᠠᠨ ᠴᠢᠳᠠᠪᠤᠷᠢᠲᠠᠨ ᠢ ᠨᠡᠩ ᠣᠯᠠᠨ | ᠬᠥᠮᠥᠵᠢᠭᠦᠯᠦᠨ᠎ᠡ ᠭᠡᠵᠡᠢ ᠃ | ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠤᠭᠤᠳ ᠪᠣᠯ ᠵᠠᠰᠠᠭ ᠤᠨ ᠣᠷᠳᠣᠨ ᠤ ᠦᠨᠡᠨ ᠪᠣᠳᠠᠲᠠᠢ ᠠᠮᠠᠯᠠᠯᠲᠠ ᠮᠥᠷᠲᠡᠭᠡᠨ ᠬᠥᠭᠵᠢᠯᠲᠡ ᠶᠢᠨ ᠴᠢᠨᠠᠷ | ᠴᠢᠨᠰᠠᠭ᠎ᠠ ᠶᠢ ᠰᠢᠯᠭᠠᠬᠤ ᠴᠢᠬᠤᠯᠠ ᠪᠠᠷᠢᠮᠵᠢᠶ᠎ᠠ ᠮᠥᠨ ᠃ | | |