ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠫᠦᠲ᠋ᠢᠨ ᠤ ᠤᠷᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/3/19
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ 3 ᠰᠠᠷ᠎ᠠ ᠶᠢᠨ 18 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ ᠃    ᠰᠢ ᠶᠢᠨ ᠫᠢᠩ ᠂ ᠣᠶᠢᠷ᠎ᠠ ᠶᠢᠨ ᠵᠢᠯ ᠳᠤ ᠂ ᠤᠷᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ ᠂ ᠥᠷᠢᠰᠦᠯᠳᠦᠭᠡᠨ ᠢ ᠢᠯᠠᠨ ᠳᠠᠪᠠᠵᠤ ᠂ ᠤᠯᠤᠰ ᠤᠨ ᠬᠥᠭᠵᠢᠯ ᠮᠠᠨᠳᠤᠯ ᠤᠨ ᠵᠠᠮ ᠳᠡᠭᠡᠷ᠎ᠡ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ ᠃ ᠲᠠ ᠳᠠᠬᠢᠨᠲᠠ ᠰᠣᠩᠭᠤᠭᠳᠠᠭᠰᠠᠨ ᠨᠢ ᠣᠷᠣᠰ ᠤᠨ ᠠᠷᠠᠳ ᠲᠦᠮᠡᠨ ᠲᠠᠨ ᠢ ᠳᠠᠮᠵᠢᠵᠤ ᠪᠠᠶᠢᠬᠤ ᠶᠢ ᠭᠦᠢᠴᠡᠳ ᠬᠠᠷᠠᠭᠤᠯᠪᠠ ᠃ ᠲᠠᠨ ᠤ ᠤᠳᠤᠷᠢᠳᠤᠯᠭ᠎ᠠ ᠳᠣᠣᠷ᠎ᠠ ᠂ ᠣᠷᠣᠰ ᠯᠠᠪᠲᠠᠢ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠠᠮᠵᠢᠯᠲᠠ ᠶᠢ ᠣᠯᠵᠤ ᠴᠢᠳᠠᠬᠤ ᠶᠢ ᠢᠲᠡᠭᠡᠵᠦ ᠪᠠᠶᠢᠨ᠎ᠠ ᠃ ᠳᠤᠮᠳᠠᠳᠤ ᠤᠯᠤᠰ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠤᠷᠤᠰ ᠤᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ