| ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠄ ᠣᠲᠣ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ 2024 ᠣᠨ ᠤ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ᠨᠢᠭᠡᠨᠲᠡ 18.7 ᠳ᠋ᠦᠩᠰᠢᠭᠤᠷ ᠲᠥᠭᠦᠷᠢᠭ ᠪᠠᠭᠤᠯᠭᠠᠪᠠ ︵ ᠲᠥᠪ ᠠᠴᠠ | ᠰᠢᠯᠵᠢᠭᠦᠯᠦᠨ ᠥᠭᠭᠦᠭᠰᠡᠨ ᠪᠡᠯᠡ ᠮᠥᠩᠭᠦ 14.42 ᠳ᠋ᠦᠩᠰᠢᠭᠤᠷ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ 4.28 | ᠳ᠋ᠦᠩᠰᠢᠭᠤᠷ ᠲᠥᠭᠦᠷᠢᠭ ︶ ᠃ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ︽ ᠤᠷᠢᠬᠠᠨ ᠰᠠᠯᠬᠢᠨ ︾ ᠢ ᠪᠠᠭᠲᠠᠭᠠᠭᠰᠠᠨ ᠣᠯᠠᠨ ᠨᠡᠶᠢᠲᠡ ᠶᠢᠨ ᠠᠵᠢᠯ | ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠵᠢᠴᠢ ᠲᠡᠳᠡᠭᠡᠷ ᠤᠨ ᠶᠡᠭᠡ ᠳᠡᠭᠡᠳᠦ ᠰᠤᠷᠭᠠᠭᠤᠯᠢ ᠨᠤᠭᠤᠳ ᠯᠤᠭ᠎ᠠ ᠥᠷᠨᠢᠭᠦᠯᠦᠭᠰᠡᠨ | ᠡᠯᠰᠡᠯᠲᠡ ᠪᠠ ᠦᠢᠯᠡᠰ ᠪᠣᠰᠬᠠᠬᠤ ᠦᠢᠯᠡᠴᠢᠯᠡᠭᠡᠨ ᠢ ᠳᠡᠮᠵᠢᠬᠦ ᠳᠤ ᠬᠡᠷᠡᠭᠯᠡᠵᠦ ᠪᠣᠯᠣᠨ᠎ᠠ ᠃ | 2024 ᠣᠨ ᠪᠣᠯ ᠮᠠᠨ ᠤ ᠤᠯᠤᠰ ᠵᠠᠯᠭᠠᠭ᠎ᠠ ᠪᠠᠷ ︽ ᠤᠷᠢᠬᠠᠨ ᠰᠠᠯᠬᠢᠨ ︾ ᠢ ᠥᠷᠨᠢᠭᠦᠯᠦᠭᠰᠡᠨ 20 ᠳ᠋ᠤᠭᠠᠷ ᠵᠢᠯ ᠪᠣᠯᠣᠨ᠎ᠠ ᠃ ᠤᠯᠤᠰ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ ᠂ ᠡᠨᠡ ᠵᠢᠯ ᠤᠨ 1 ᠳ᠋ᠦ᠋ᠭᠡᠷ ᠰᠠᠷ᠎ᠠ ᠶᠢᠨ ᠰᠡᠭᠦᠯᠴᠢ ᠠᠴᠠ 4 ᠳ᠋ᠦ᠋ᠭᠡᠷ ᠰᠠᠷ᠎ᠠ ᠶᠢᠨ ᠡᠬᠢᠨ ᠪᠣᠯᠲᠠᠯ᠎ᠠ ᠂ ᠥᠪᠥᠷ ᠮᠣᠩᠭᠤᠯ ︽ ᠤᠷᠢᠬᠠᠨ | ᠰᠠᠯᠬᠢᠨ ᠠᠵᠢᠯ ᠣᠯᠭᠤᠯᠲᠠ ᠶᠢ ᠠᠬᠢᠭᠤᠯᠵᠤ ᠣᠨᠣᠪᠴᠢᠲᠠᠢ ᠦᠢᠯᠡᠴᠢᠯᠡᠨ ᠬᠥᠭᠵᠢᠯᠲᠡ ᠶᠢ ᠠᠬᠢᠭᠤᠯᠬᠤ ︾ ᠪᠠᠷ ᠰᠡᠳᠦᠪᠯᠡᠭᠰᠡᠨ 2024 ᠣᠨ ᠤ ︽ ᠤᠷᠢᠬᠠᠨ | ᠰᠠᠯᠬᠢᠨ ︾ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ ᠃ | ︽ ᠤᠷᠢᠬᠠᠨ ᠰᠠᠯᠬᠢᠨ ︾ ᠪᠣᠯ ᠨᠡᠶᠢᠭᠡᠮ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠂ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ | ᠵᠣᠷᠢᠯᠲᠠ ᠪᠣᠯᠭᠠᠭᠰᠠᠨ ᠠᠵᠢᠯᠯᠠᠭ᠎ᠠ ᠪᠣᠯᠣᠨ᠎ᠠ ᠃ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠵᠦ ᠪᠠᠶᠢᠭ᠎ᠠ ︽ ᠤᠷᠢᠬᠠᠨ | ᠰᠠᠯᠬᠢᠨ ︾ ᠲᠤᠰᠬᠠᠢ ᠦᠢᠯᠡᠴᠢᠯᠡᠭᠡᠨ ᠤ ᠠᠵᠢᠯᠯᠠᠭ᠎ᠠ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠥᠳᠡᠯᠮᠦᠷᠢᠴᠢᠳ ᠤᠨ ᠠᠵᠢᠯ ᠰᠣᠯᠢᠬᠤ ᠣᠷᠭᠢᠯ ᠬᠤᠭᠤᠴᠠᠭ᠎ᠠ ᠪᠠ | ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢ ᠴᠢᠩᠭ᠎ᠠ ᠠᠩᠬᠠᠷᠴᠤ ᠂ ᠬᠥᠳᠡᠭᠡ ᠲᠣᠰᠬᠤᠨ ᠤ ᠬᠥᠳᠡᠯᠮᠦᠷᠢᠴᠢᠳ ᠪᠠ ᠠᠵᠢᠯᠴᠢᠨ | ᠬᠡᠷᠡᠭᠰᠡᠬᠦ ᠨᠢᠭᠡᠴᠢ ᠨᠦᠭᠦᠳ ᠲᠤ ᠠᠩᠬᠠᠷᠤᠯ ᠢᠶᠠᠨ ᠲᠥᠪᠯᠡᠷᠡᠭᠦᠯᠦᠨ ᠂ ᠬᠥᠯᠥᠰᠦᠨ ᠠᠵᠢᠯᠴᠢᠳ ᠤᠨ ᠡᠮᠬᠢ ᠵᠢᠷᠤᠮ ᠲᠠᠢ ᠪᠠᠷ ᠭᠠᠳᠠᠭᠰᠢ ᠭᠠᠷᠬᠤ ᠶᠢ ᠲᠥᠪᠯᠡᠷᠡᠭᠦᠯᠦᠨ | ᠬᠥᠲᠥᠯᠥᠨ ᠵᠢᠯᠤᠭᠤᠳᠬᠤ ᠂ ᠣᠶᠢᠷ᠎ᠠ ᠬᠠᠪᠢ ᠳᠤ ᠪᠠᠨ ᠠᠵᠢᠯᠯᠠᠬᠤ ᠪᠠ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠶᠢ ᠠᠬᠢᠭᠤᠯᠬᠤ ᠂ ᠠᠵᠤ ᠠᠬᠤᠶᠢᠯᠠᠯ ᠤᠳ ᠢ | ᠵᠣᠬᠢᠶᠠᠨ ᠪᠠᠶᠢᠭᠤᠯᠤᠨ ᠠᠵᠢᠯᠴᠢᠨ ᠤᠷᠢᠵᠤ ᠬᠡᠷᠡᠭᠯᠡᠬᠦ ᠵᠡᠷᠭᠡ ᠳᠤ ᠴᠢᠭᠯᠡᠭᠦᠯᠦᠨ ᠬᠠᠮᠢᠶ᠎ᠠ ᠪᠦᠬᠦᠢ ᠦᠢᠯᠡᠴᠢᠯᠡᠭᠡ ᠶᠢ ᠥᠷᠨᠢᠭᠦᠯᠪᠡ ᠃ 2 ᠳ᠋ᠤᠭᠠᠷ ᠰᠠᠷ᠎ᠠ ᠶᠢᠨ 29 ᠤ | ᠡᠳᠦᠷ ᠪᠣᠯᠲᠠᠯ᠎ᠠ ᠂ ᠪᠥᠬᠦ ᠣᠷᠣᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠯᠰᠡᠯᠲᠡ ᠶᠢ ᠨᠡᠶᠢᠲᠡ 555 ᠤᠳᠠᠭ᠎ᠠ ᠵᠣᠬᠢᠶᠠᠨ ᠪᠠᠶᠢᠭᠤᠯᠵᠤ ᠂ | 23.93 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ ᠃ | |