| ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ︽ 3 ᠰᠠᠷ᠎ᠠ ᠶᠢᠨ 15 ︾ ᠤ ᠦᠳᠡᠰᠢᠯᠡᠭᠡ ᠳᠤ ᠢᠯᠡᠴᠢᠯᠡᠭᠰᠡᠨ ᠬᠡᠷᠡᠭᠯᠡᠭᠴᠢᠳ ᠤᠨ ᠡᠷᠬᠡ ᠠᠰᠢᠭ ᠢ | ᠬᠤᠬᠢᠷᠠᠭᠤᠯᠤᠭᠰᠠᠨ ᠣᠯᠠᠨ ᠬᠡᠷᠡᠭ ᠲᠤ ᠴᠢᠭᠯᠡᠭᠦᠯᠦᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠂ ᠡᠯ᠎ᠡ ᠭᠠᠵᠠᠷ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ ᠳᠠᠷᠦ᠋ᠢᠬᠠᠨ ᠬᠥᠳᠡᠯᠦᠯᠴᠡᠨ ᠬᠠᠤᠯᠢ ᠬᠡᠷᠡᠭᠵᠢᠭᠦᠯᠬᠦ | ᠠᠵᠢᠯᠯᠠᠭ᠎ᠠ ᠥᠷᠨᠢᠭᠦᠯᠵᠦ ᠂ ᠥᠪᠡᠷ ᠥᠪᠡᠷᠰᠡᠳ ᠤᠨ ᠬᠠᠮᠢᠶᠠᠷᠤᠯᠲᠠ ᠶᠢᠨ ᠴᠠᠷ ᠬᠦᠷᠢᠶᠡᠨ ᠳᠤ ᠣᠷᠣᠰᠢᠵᠤ ᠪᠠᠶᠢᠭ᠎ᠠ ᠬᠠᠤᠯᠢ ᠶᠢ ᠵᠥᠷᠢᠴᠡᠭᠰᠡᠨ | ᠠᠵᠢᠯᠯᠠᠭ᠎ᠠ ᠨᠤᠭᠤᠳ ᠢ ᠬᠠᠷᠭᠤᠭᠤᠯᠤᠨ ᠪᠠᠶᠢᠴᠠᠭᠠᠨ ᠰᠢᠢᠳᠪᠦᠷᠢᠯᠡᠵᠦ ᠪᠠᠶᠢᠨ᠎ᠠ ᠃ ᠣᠳᠣ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠪᠠ ᠳᠣᠲᠣᠭᠠᠳᠤ ᠶᠢ | ᠬᠠᠮᠠᠭᠠᠯᠠᠬᠤ ᠵᠡᠷᠭᠡ ᠰᠠᠯᠠᠭ᠎ᠠ ᠮᠥᠴᠢᠷ ᠬᠡᠷᠡᠭ ᠲᠤ ᠬᠤᠯᠪᠣᠭᠳᠠᠭᠰᠠᠨ ᠡᠳᠡᠭᠡᠷ ᠠᠵᠤ ᠠᠬᠤᠶᠢᠯᠠᠯ ᠢ ᠭᠦᠨᠵᠡᠭᠡᠢ ᠪᠠᠶᠢᠴᠠᠭᠠᠵᠤ ᠪᠠᠶᠢᠨ᠎ᠠ ᠃ ᠳᠠᠷᠠᠭ᠎ᠠ ᠠᠯᠬᠤᠮ ᠳᠤ ᠂ | ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ ᠂ ᠬᠠᠮᠢᠶᠠᠲᠠᠢ ᠭᠠᠵᠠᠷ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠬᠤ | ᠰᠠᠯᠠᠭ᠎ᠠ ᠮᠥᠴᠢᠷ ᠢ ᠱᠠᠭᠠᠷᠳᠠᠨ ︽ 3 ᠰᠠᠷ᠎ᠠ ᠶᠢᠨ 15 ︾ ᠤ ᠦᠳᠡᠰᠢᠯᠡᠭᠡ ᠳᠡᠭᠡᠷ᠎ᠡ ᠢᠯᠡᠴᠢᠯᠡᠭᠰᠡᠨ ᠬᠠᠤᠯᠢ ᠪᠤᠰᠤ ᠠᠵᠢᠯᠯᠠᠭ᠎ᠠ ᠶᠢ ᠲᠦᠢᠯᠪᠤᠷᠢᠲᠠᠢ ᠪᠠᠶᠢᠴᠠᠭᠠᠵᠤ ᠂ | ᠴᠢᠩᠭ᠎ᠠ ᠴᠣᠬᠢᠯᠲᠠ ᠥᠭᠬᠦ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠂ ᠮᠢᠬᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠦᠢᠯᠡᠳᠪᠦᠷᠢᠯᠡᠨ | ᠪᠣᠷᠣᠯᠠᠭᠤᠯᠬᠤ ᠶᠠᠯᠠᠲᠤ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠵᠡᠷᠭᠡ ᠲᠤᠰᠬᠠᠢ ᠲᠥᠷᠥᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠪᠠᠷ ᠪᠠᠶᠢᠨ᠎ᠠ ᠃ | | |