| ᠤᠢᠢᠷ᠎ᠠ ᠶᠢᠨ ᠡᠳᠦᠷ ᠂ ᠳᠤᠮᠳᠠᠳᠤ ᠤᠯᠤᠰ ᠪᠣᠯᠤᠨ ᠲᠠᠢ ᠤᠯᠤᠰ ᠪᠢᠷᠮᠠ ᠭᠤᠷᠪᠠᠨ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠳᠡᠯᠴᠡᠨ | ᠵᠥᠪᠰᠢᠶᠡᠷᠡᠭᠰᠡᠨ ᠢᠶᠠᠷ ᠂ ᠪᠢᠷᠮᠠ ᠶᠢᠨ ᠮᠢᠶᠣᠣ ᠸᠠ ᠳ᠋ᠢ ᠣᠷᠣᠨ ᠳᠤ ᠪᠠᠶᠢᠬᠰᠠᠨ 800 ᠭᠠᠷᠤᠢ ᠳᠤᠮᠳᠠᠳᠤ ᠤᠯᠤᠰ ᠤᠨ ᠬᠠᠷᠢᠶ᠎ᠠ ᠲᠠᠢ ᠵᠣᠭᠤᠰ ᠮᠦᠷᠦ᠋ᠢᠴᠡᠬᠦ ᠮᠡᠬᠡᠯᠡᠯ | ᠬᠢᠭᠰᠡᠨ ᠡᠲᠡᠭᠡᠳ ᠢ ᠲᠠᠢ ᠤᠯᠤᠰ ᠢᠶᠠᠷ ᠲᠠᠮᠵᠢᠭᠤᠯᠤᠨ ᠵᠠᠯᠭᠠᠪᠡᠷ ᠤᠯᠤᠰ ᠲᠠᠭᠠᠨ ᠪᠤᠴᠠᠭᠠᠨ ᠠᠪᠴᠢᠷᠠᠪᠠ ᠃ ᠣᠶᠢᠯᠠᠭᠠᠭᠰᠠᠨ ᠢᠶᠠᠷ ᠂ ᠤᠯᠤᠰ ᠠᠯᠤᠰᠯᠠᠨ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠬᠢᠭᠰᠡᠨ ᠪᠠ ᠰᠦᠯᠵᠢᠶ᠎ᠡ ᠪᠠᠷ ᠵᠣᠭᠤᠰ ᠮᠦᠷᠦ᠋ᠢᠴᠡᠭᠰᠡᠨ ᠵᠡᠷᠭᠡ ᠲᠣᠪᠤᠶᠢᠮ᠎ᠠ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠶᠢᠨ ᠲᠥᠯᠥᠭᠡ ᠂ 2023 ᠣᠨ ᠤ 3 ᠰᠠᠷ᠎ᠠ ᠳᠤ ᠳᠤᠮᠳᠠᠳᠤ ᠤᠯᠤᠰ ᠤᠨ ᠴᠠᠭᠳᠠᠭᠠᠨ ᠤ ᠲᠠᠯ᠎ᠠ ᠶᠢᠨ ᠬᠢᠨ ᠪᠢᠷᠮᠠ ᠪᠤᠯᠤᠨ ᠲᠠᠢ ᠤᠯᠤᠰ ᠤᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠴᠣᠬᠢᠯᠲᠠ ᠥᠭᠬᠦ ᠠᠵᠢᠯᠯᠠᠭ᠎ᠠ ᠶᠢ ᠡᠬᠢᠯᠡᠭᠦᠯᠵᠦ ᠂ ᠦᠯᠡᠮᠵᠢ ᠦᠷ᠎ᠡ ᠪᠦᠲᠦᠭᠡᠯ ᠤᠯᠪᠠ ᠃ ᠡᠭᠦᠨ ᠳᠤ ᠂ | ᠳᠤᠮᠳᠠᠳᠤ ᠪᠢᠷᠮᠠ ᠬᠤᠶᠠᠷ ᠤᠯᠤᠰ ᠤᠨ ᠴᠠᠭᠳᠠᠭᠠᠨ ᠤ ᠲᠠᠯ᠎ᠠ ᠶᠢᠨ ᠬᠢᠨ ᠣᠯᠠᠨ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠪᠢᠷᠮᠠ ᠶᠢᠨ ᠤᠮᠠᠷᠠᠲᠤ ᠬᠡᠰᠡᠭ ᠤᠨ ᠭᠠᠵᠠᠷ ᠣᠷᠣᠨ ᠤ ᠵᠣᠭᠤᠰ ᠮᠥᠷᠦ᠋ᠢᠴᠡᠵᠦ ᠮᠡᠬᠡᠯᠡᠯ ᠬᠢᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠵᠤ ᠂ ᠬᠦᠴᠦᠷᠬᠡᠭ ᠶᠡᠭᠡ ᠠᠶᠤᠯᠭᠠᠨ ᠰᠦᠷᠳᠡᠭᠦᠯᠬᠦ ᠪᠠᠶᠢᠳᠠᠯ ᠢ ᠪᠣᠶ ᠪᠣᠯᠭᠠᠵᠠᠢ ᠃ ᠴᠣᠬᠢᠯᠲᠠ ᠥᠭᠬᠦ ᠠᠵᠢᠯᠯᠠᠭ᠎ᠠ ᠦᠷᠭᠦᠯᠵᠢᠯᠡᠨ | ᠭᠦᠨᠵᠡᠭᠡᠶᠢᠷᠡᠬᠦ ᠶᠢ ᠳᠠᠭᠠᠯᠳᠤᠨ ᠂ ᠭᠤᠷᠪᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠ ᠨᠢᠭᠲᠠ ᠬᠠᠮᠵᠢᠯᠴᠠᠭ᠎ᠠ ᠪᠠᠷ ᠳᠡᠮᠵᠢᠨ ᠂ ᠪᠢᠷᠮᠠ ᠶᠢᠨ ᠮᠢᠶᠣᠣ ᠸᠠ ᠳ᠋ᠢ | ᠣᠷᠣᠨ ᠤ ᠵᠣᠭᠤᠰ ᠮᠦᠷᠦ᠋ᠢᠴᠡᠬᠦ ᠮᠡᠬᠡᠯᠡᠯ ᠤᠨ ᠶᠠᠯᠠᠲᠤ ᠠᠵᠢᠯᠯᠠᠭ᠎ᠠ ᠬᠢᠬᠦ ᠬᠦᠷᠢᠶᠡᠯᠡᠩ ᠲᠣᠭᠤᠷᠢᠭ ᠲᠤ ᠪᠠᠶᠢᠬᠰᠠᠨ ᠨᠢᠭᠡ ᠪᠦᠯᠦᠭ ᠳᠤᠮᠳᠠᠳᠤ ᠤᠯᠤᠰ ᠤᠨ | ᠬᠠᠷᠢᠶ᠎ᠠ ᠲᠠᠢ ᠬᠥᠮᠦᠰ ᠰᠠᠶᠢᠨ ᠲᠤᠷ᠎ᠠ ᠠᠴᠠ ᠪᠠᠨ ᠤᠯᠤᠰ ᠲᠠᠭᠠᠨ ᠪᠤᠴᠠᠨ᠎ᠠ ᠭᠡᠵᠦ ᠳᠤᠷᠠᠳᠪᠠ ᠃ ᠣᠶᠢᠷ᠎ᠠ ᠳᠤ ᠂ ᠳᠤᠮᠳᠠᠳᠤ ᠤᠯᠤᠰ ᠤᠨ ᠴᠠᠭᠳᠠᠭᠠᠨ ᠤ | ᠲᠠᠯ᠎ᠠ ᠶᠢᠨ ᠬᠢᠨ ᠠᠵᠢᠯᠯᠠᠬᠤ ᠲᠤᠭᠤᠶᠢᠯᠠᠩ ᠲᠤᠮᠢᠯᠠᠵᠦ ᠂ ᠪᠢᠷᠮᠠ ᠪᠤᠯᠤᠨ ᠲᠠᠢ ᠤᠯᠤᠰ ᠲᠠᠢ ᠬᠠᠮᠳᠤᠷᠠᠨ ᠡᠳᠡᠭᠡᠷ ᠬᠥᠮᠦᠰ ᠢ ᠪᠤᠴᠠᠭᠠᠨ ᠠᠪᠴᠢᠷᠠᠬᠤ ᠠᠵᠢᠯ ᠢ | ᠪᠡᠶᠡᠯᠡᠭᠦᠯᠵᠡᠶ ᠃ | | |