| ᠣᠶᠢᠷ᠎ᠠ ᠳᠤ ᠵᠠᠷᠢᠮ ᠵᠠᠭᠤᠴᠢᠯᠠᠭᠤᠷ ᠤᠨ ᠬᠢᠨ ᠂ ᠾᠧᠨᠠᠨ ᠤ ᠨᠢᠭᠡᠨ ᠺᠣᠮᠫᠠᠨᠢ ᠶᠢᠨ ᠬᠢᠨ ᠬᠤᠶᠠᠷ ᠬᠡᠦᠬᠡᠳ ᠠᠪᠤᠭᠰᠠᠨ ᠂ ᠭᠤᠷᠪᠠᠨ ᠬᠡᠦᠬᠡᠳ ᠠᠪᠤᠭᠰᠠᠨ | ᠠᠵᠢᠯᠲᠠᠨ ᠢᠶᠠᠨ ᠴᠥᠮ ᠱᠠᠩᠨᠠᠪᠠ ︕ ︽ ᠠᠵᠢᠯᠲᠠᠨ ᠠᠵᠢᠯᠴᠢᠨ ᠬᠤᠶᠠᠷ ᠬᠡᠦᠬᠡᠳ ᠠᠪᠤᠪᠠᠯ 3 ᠲᠦᠮᠡᠨ ᠲᠦᠭᠦᠷᠢᠭ ᠢᠶᠠᠷ ᠱᠠᠩᠨᠠᠵᠤ ᠂ ᠭᠤᠷᠪᠠᠨ ᠬᠡᠦᠬᠡᠳ ᠠᠪᠤᠪᠠᠯ | 10 ᠲᠦᠮᠡᠨ ᠲᠦᠭᠦᠷᠢᠭ ᠢᠶᠠᠷ ᠱᠠᠩᠨᠠᠬᠤ ︾ ᠨᠢ ᠵᠥᠪᠬᠡᠨ ᠡᠮᠡᠭᠲᠡᠶ ᠠᠵᠢᠯᠲᠠᠨ ᠲᠡᠳᠦᠢ ᠪᠢᠰᠢ ᠂ ᠲᠥᠰᠦᠯ ᠢᠶᠠᠷ ᠯᠠᠪᠯᠠᠯᠲᠠ ᠪᠣᠯᠭᠠᠨ ᠂ ᠡᠷᠡᠭᠲᠡᠶ ᠠᠵᠢᠯᠲᠠᠨ | ᠠᠵᠢᠯᠴᠢᠨ ᠤ ᠬᠡᠷ ᠪᠦᠯᠢ ᠨᠢ ᠬᠡᠦᠬᠡᠳ ᠠᠪᠤᠪᠠᠯ ᠪᠠᠰᠠ ᠵᠣᠬᠢᠬᠤ ᠬᠠᠷᠢᠴᠠᠯ ᠤᠨ ᠨᠥᠬᠦᠪᠥᠷᠢ ᠬᠦᠷᠳᠡᠵᠦ ᠪᠣᠯᠤᠨ᠎ᠠ ᠃ ᠠᠵᠢᠯᠴᠢᠨ ᠰᠢᠶᠣᠤ ᠵᠧᠩ ᠨᠢᠳᠤᠨᠤᠨ ᠢᠬᠡᠷ᠎ᠡ | ᠬᠡᠦᠬᠡᠳ ᠲᠠᠢ ᠪᠤᠯᠤᠬᠰᠠᠨ ᠳᠤ ᠂ ᠬᠦᠡᠭᠭᠡᠵᠢᠯᠳᠡ ᠶᠢᠨ ᠨᠥᠬᠦᠪᠥᠷᠢ ᠶᠢ ᠨᠢ ᠪᠠᠰᠠ 50 % ᠪᠠᠷ ᠨᠡᠮᠡᠭᠳᠡᠬᠦᠯᠵᠡᠶ ᠭᠡᠵᠦ ᠮᠡᠳᠡᠭᠡᠯᠡᠪᠡ ᠃ 3 ᠰᠠᠷ᠎ᠠ ᠶᠢᠨ 4 ᠤ ᠡᠳᠦᠷ ᠂ | ᠲᠣᠰ ᠺᠣᠮᠫᠠᠨᠢ ᠶᠢᠨ ᠨᠢᠭᠡᠨ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ ᠂ ᠡᠨᠡ ᠤᠴᠢᠷ ᠨᠢ ᠦᠨᠡᠨ ᠶᠤᠮ ᠂ 2022 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠪᠡ ᠂ ᠣᠳᠣᠬᠠᠨ ᠳᠤ ᠨᠥᠬᠦᠴᠡᠯ ᠳᠤ ᠨᠡᠶᠢᠴᠡᠬᠦ ᠲᠠᠪᠤ ᠵᠢᠷᠭᠤᠭᠠᠨ ᠠᠵᠢᠯᠲᠠᠨ ᠨᠢᠭᠡᠨᠲᠡ ᠱᠠᠩᠨᠠᠯ ᠣᠯᠵᠠᠶ ᠂ ︽ ᠪᠢᠳᠡ ᠡᠭᠦᠨ ᠢ | ᠬᠡᠷᠡᠭᠵᠢᠭᠦᠯᠦᠭᠰᠡᠭᠡᠷ ᠪᠠᠶᠢᠨ᠎ᠠ ︾ ᠭᠡᠪᠡ ᠃ ᠲᠩᠷᠢ ᠶᠢᠨ ᠨᠢᠳᠦ ᠪᠠᠶᠢᠴᠠᠭᠠᠯᠲᠠ ᠶᠢᠨ App ᠳᠤ ᠢᠯᠡᠷᠡᠭᠦᠯᠦᠭᠰᠡᠨ ᠢᠶᠠᠷ ᠂ ᠲᠣᠰ ᠺᠣᠮᠫᠠᠨᠢ ᠨᠢᠭᠡᠨᠲᠡ ᠰᠢᠨ᠎ᠡ | ᠭᠤᠷᠪᠠᠳᠤᠭᠠᠷ ᠰᠠᠮᠪᠠᠷ᠎ᠠ ᠳᠤ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠴᠤ ᠂ ᠳᠠᠭᠠᠳᠬᠠᠯ ᠳᠤ ᠣᠷᠣᠯᠴᠠᠭᠰᠠᠨ ᠠᠵᠢᠯᠲᠠᠨ 554 ᠬᠥᠮᠦᠨ ᠪᠠᠶᠢᠨ᠎ᠠ ᠃ | ᠰᠤᠷᠪᠤᠯᠵᠢᠯᠠᠭᠴᠢ ᠪᠠᠶᠢᠴᠠᠭᠠᠨ ᠯᠠᠪᠯᠠᠬᠤ ᠪᠠᠷ ᠲᠠᠮᠵᠢᠨ ᠮᠡᠲᠡᠭᠰᠡᠨ ᠢᠶᠠᠷ ᠂ 2022 ᠣᠨ ᠳᠤ ᠂ ᠪᠠᠰᠠ ᠭᠠᠳᠠᠭᠰᠢ ︽ baby ︾ ᠲᠡᠳᠬᠦᠨ ᠳᠡᠮᠵᠢᠬᠦ ᠲᠥᠯᠥᠪᠯᠡᠭᠡ | ᠨᠡᠶᠢᠲᠡᠯᠡᠪᠡ ᠃ ᠲᠥᠯᠥᠪᠯᠡᠭᠡ ᠳᠤ ᠂ ᠱᠠᠩᠨᠠᠯ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ ᠂ ︽ ᠠᠵᠢᠯ ᠳᠤ | ᠤᠷᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ ᠡᠮᠡᠭᠲᠡᠶ ᠠᠵᠢᠯᠲᠠᠨ ᠠᠵᠢᠯᠴᠢᠨ ᠨᠢ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠬᠤᠶᠠᠷ ᠬᠡᠦᠬᠡᠳ ᠠᠪᠤᠪᠠᠯ 3 | ᠲᠦᠮᠡᠨ ᠲᠥᠭᠦᠷᠢᠭ ᠤᠨ ᠬᠦᠡᠭᠭᠡᠵᠢᠯᠳᠡ ᠶᠢᠨ ᠨᠦᠬᠦᠪᠦᠷᠢ ᠦᠭᠴᠦ ᠂ ᠭᠤᠷᠪᠠᠨ ᠬᠡᠦᠬᠡᠳ ᠠᠪᠤᠪᠠᠯ 10 ᠲᠦᠮᠡᠨ ᠲᠥᠭᠦᠷᠢᠭ ᠤᠨ ᠬᠦᠡᠭᠭᠡᠵᠢᠯᠳᠡ ᠶᠢᠨ ᠨᠥᠬᠦᠪᠥᠷᠢ | ᠦᠭᠭᠦᠨ᠎ᠠ ︾ ᠭᠡᠵᠦ ᠲᠣᠳᠣᠷᠬᠠᠶ ᠲᠣᠭᠲᠠᠭᠠᠪᠠ ᠃ ᠡᠭᠦᠨ ᠳᠤ ᠤᠨᠴᠠᠭᠠᠶᠢᠯᠠᠨ ᠲᠣᠳᠣᠷᠬᠠᠶᠢᠯᠠᠬᠤ ᠵᠦᠢᠯ ᠭᠡᠪᠡᠯ ᠂ ᠲᠥᠰᠦᠯ ᠢᠶᠠᠷ ᠯᠠᠪᠯᠠᠯᠲᠠ ᠪᠣᠯᠭᠠᠵᠤ ᠂ ᠡᠷᠡᠭᠲᠡᠶ | ᠠᠵᠢᠯᠲᠠᠨ ᠠᠵᠢᠯᠴᠢᠨ ᠤ ᠬᠡᠷ ᠪᠦᠯᠢ ᠨᠢ ᠬᠡᠦᠬᠡᠳ ᠠᠪᠤᠪᠠᠯ ᠮᠦᠨ ᠬᠦ ᠵᠣᠬᠢᠬᠤ ᠬᠠᠷᠢᠴᠠᠯ ᠤᠨ ᠨᠥᠬᠦᠪᠥᠷᠢ ᠭᠥᠷᠳᠡᠬᠦ ᠪᠣᠯᠤᠨ᠎ᠠ ᠃ ᠦᠨᠡᠨ ᠳᠡᠭᠡᠨ ᠣᠶᠢᠷ᠎ᠠ ᠶᠢᠨ | ᠵᠢᠯ ᠤᠳ ᠲᠤ ᠣᠯᠠᠨ ᠭᠠᠵᠠᠷ ᠤᠨ ᠣᠯᠠᠨ ᠠᠵᠤ ᠠᠬᠤᠶᠢᠯᠠᠯ ᠴᠥᠮ ᠬᠦᠡᠭᠭᠡᠵᠢᠯᠳᠡ ᠶᠢᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ ᠂ ᠲᠥᠷᠥ ᠶᠢᠨ | ᠪᠣᠳᠣᠯᠭ᠎ᠠ ᠨᠢ ᠭᠤᠤᠯᠳᠠᠭᠤ ᠬᠦᠡᠭᠭᠡᠵᠢᠭᠰᠡᠨ ᠠᠵᠢᠯᠲᠠᠨ ᠢ ᠪᠡᠯᠡᠨ ᠵᠣᠭᠤᠰ ᠢᠶᠠᠷ ᠱᠠᠩᠨᠠᠬᠤ ᠳᠡᠭᠡᠷ᠎ᠡ ᠲᠥᠪᠯᠡᠷᠡᠵᠦ ᠪᠠᠶᠢᠨ᠎ᠠ ᠃ | |