ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
    3 ᠳ᠋ᠤᠭᠠᠷ ᠰᠠᠷ᠎ᠠ ᠶᠢᠨ 19 ᠤ ᠡᠳᠦᠷ ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠢ ᠲᠦᠩᠯᠢᠶᠣᠣ ᠬᠤᠲᠠᠨ᠎ᠠ ᠬᠤᠷᠠᠯᠳᠤᠭᠤᠯᠪᠠ ᠃ ᠬᠤᠷᠠᠯ ᠳᠡᠭᠡᠷ᠎ᠡ 2023 ᠣᠨ ᠤ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠬᠢᠭᠡᠳ ᠠᠵᠢᠯ ᠤᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠳᠡᠭᠡᠷ᠎ᠡ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠥᠪᠡᠷᠮᠢᠴᠡ ᠣᠨᠴᠠᠯᠢᠭ ᠲᠠᠢ ᠵᠠᠮ ᠢ ᠪᠠᠷᠢᠮᠲᠠᠯᠠᠵᠤ ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠣᠭᠲᠠᠯᠴᠠᠭ᠎ᠠ ᠶᠢ ᠲᠦᠷᠭᠡᠨ ᠲᠡᠭᠦᠯᠳᠡᠷᠵᠢᠭᠦᠯᠬᠦ ᠬᠡᠷᠡᠭᠲᠡᠢ ︔ ᠵᠠᠩᠭᠢᠯᠠᠭ᠎ᠠ ᠂ ᠪᠠᠭᠤᠷᠠᠢ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠂ ᠰᠢᠨᠡᠴᠢᠯᠡᠯᠲᠡ ᠪᠠᠷ ᠬᠥᠳᠡᠯᠭᠡᠭᠦᠷ ᠪᠣᠯᠭᠠᠬᠤ ᠪᠠ ᠠᠭᠤᠯᠤᠭᠳᠠᠬᠤᠨ ᠤ ᠬᠥᠭᠵᠢᠯᠲᠡ ᠶᠢ ᠪᠠᠷᠢᠮᠲᠠᠯᠠᠨ ᠂ ᠰᠤᠷᠭᠠᠭᠤᠯᠢ ᠡᠷᠭᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ︔ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ ᠂ ᠰᠤᠷᠭᠠᠨ ᠬᠥᠮᠦᠵᠢᠯ ᠤᠨ ᠬᠡᠯᠬᠢᠶ᠎ᠡ ᠂ ᠴᠢᠳᠠᠪᠤᠷᠢᠲᠠᠨ ᠤ ᠬᠡᠯᠬᠢᠶ᠎ᠡ ᠂ ᠠᠵᠤ ᠦᠢᠯᠡᠰ ᠤᠨ ᠬᠡᠯᠬᠢᠶ᠎ᠡ ᠂ ᠰᠢᠨᠡᠴᠢᠯᠡᠯᠲᠡ ᠶᠢᠨ ᠬᠡᠯᠬᠢᠶ᠎ᠡ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠥᠳᠡᠯᠭᠡᠬᠦ ᠬᠦᠴᠦᠨ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠤᠷᠢᠳ ᠢᠶᠠᠷ ᠬᠢᠵᠦ ᠤᠷᠢᠳ ᠢᠶᠠᠷ ᠲᠤᠷᠰᠢᠵᠤ ᠂ ᠤᠷᠢᠳ ᠢᠶᠠᠷ ᠰᠢᠪᠲᠤᠯᠵᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠰᠦᠪᠡᠭᠴᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ